ᠬᠦᠪᠡᠭᠡᠲᠦ ᠰᠢᠷ᠎ᠠ ᠬᠤᠰᠢᠭᠤᠨ ᠤ ᠲᠤᠳᠤᠭᠠᠲᠤ ᠶᠢ ᠬᠠᠮᠠᠭᠠᠯᠠᠬᠤ | ᠲᠤᠪᠴᠢᠶ᠎ᠠ ᠨᠢ ᠨᠠᠶᠢᠳᠠᠨ ᠬᠠᠮᠢᠶᠠᠷᠤᠭᠤᠯᠬᠤ ᠲᠥᠪ ᠢ ᠪᠠᠶᠢᠭᠤᠯᠪᠠ | 手机版office365破解版_365速发国际购彩中心_365提现一般多久到账 | ᠴᠠᠭᠳᠠᠭ᠎ᠠ ᠪᠠᠨ ᠬᠠᠶᠢᠷᠠᠯᠠᠵᠤ ᠴᠠᠭᠳᠠᠭ᠎ᠠ ᠪᠠᠨ ᠬᠠᠯᠠᠮᠵᠢᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ᠂ ᠬᠤᠤᠰ ᠴᠠᠭᠳᠠᠭ᠎ᠠ ᠶᠢᠨ | ᠬᠡᠷ ᠪᠦᠯᠢ ᠪᠠ ᠨᠢᠭᠡᠳᠦᠭᠡᠷ ᠹᠷᠣᠨᠲ ᠤᠨ ᠴᠠᠭᠳᠠᠭ᠎ᠠ ᠶᠢᠨ ᠬᠡᠷ ᠪᠦᠯᠢ ᠶᠢᠨ ᠰᠠᠳᠬᠢᠯ ᠰᠠᠨᠠᠭ᠎ᠠ ᠶᠢ ᠠᠮᠤᠷᠵᠢᠭᠤᠯᠬᠤ᠂ ᠴᠠᠭᠳᠠᠭ᠎ᠠ ᠶᠢ ᠤᠷᠮ᠎ᠠ ᠪᠠᠬ᠎ᠠ ᠶᠢ | ᠤᠷᠮᠠᠰᠢᠭᠤᠯᠬᠤ ᠶᠢᠨ ᠲᠥᠯᠥᠭᠡ᠂ 11 ᠳ᠋ᠦ᠋ᠭᠡᠷ ᠰᠠᠷ᠎ᠠ ᠶᠢᠨ 1 ᠤ ᠡᠳᠦᠷ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠰᠢᠭᠤᠨ | ᠤ ᠨᠠᠬᠢᠶ᠎ᠠ ᠬᠡᠦᠬᠡᠳ ᠤᠨ ᠴᠡᠴᠡᠷᠯᠢᠭ ᠲᠤ ᠴᠠᠭᠳᠠᠭ᠎ᠠ ᠶᠢᠨ ᠦᠷ᠎ᠡ ᠬᠡᠦᠬᠡᠳ ᠤᠨ ᠤᠨᠴᠠᠭᠠᠢ ᠦᠶ᠎ᠡ ᠶᠢᠨ ᠨᠠᠶᠢᠳᠠᠨ ᠬᠠᠮᠢᠶᠠᠷᠤᠭᠤᠯᠬᠤ ᠬᠤᠶᠠᠳᠠᠭᠴᠢ ᠲᠥᠪ ᠢ | ᠤᠠᠶᠢᠭᠤᠯᠪᠠ᠃ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠲᠥᠷᠥ ᠶᠢᠨ ᠠᠵᠢᠯ ᠤᠨ ᠠᠯᠪᠠᠨ ᠬᠡᠷ ᠤᠨ ᠡᠷᠬᠢᠯᠡᠭᠴᠢ᠂ ᠨᠠᠬᠢᠶ᠎ᠠ ᠬᠡᠦᠬᠡᠳ ᠤᠨ | ᠴᠡᠴᠡᠷᠯᠢᠭ ᠤᠨ ᠵᠠᠬᠢᠷᠤᠯ ᠫᠠᠶᠢᠰᠠ ᠡᠯᠭᠦᠬᠦ ᠶᠣᠰᠣᠯᠠᠯ ᠳᠤ ᠣᠷᠤᠯᠴᠠᠪᠠ᠃ | | | | | ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠠᠳ ᠪᠤᠢ᠂ ᠥᠷᠭᠡᠨ ᠤᠯᠠᠨ ᠴᠠᠭᠳᠠᠭ᠎ᠠ | ᠦᠴᠦᠬᠡᠨ ᠭᠡᠷ ᠢᠶᠠᠨ ᠤᠭᠤᠷᠴᠤ ᠦᠷᠯᠦᠭ ᠤᠯᠤᠰ ᠤᠨ ᠢᠶᠠᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠪᠦᠬᠦ | ᠬᠦᠴᠦᠨ ᠢᠶᠠᠷ ᠢᠶᠠᠨ ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠬᠦ ᠶᠢ ᠪᠠᠷᠢᠮᠲᠠᠯᠠᠵᠤ᠂ ᠵᠠᠷᠢᠮ | ᠴᠠᠭᠳᠠᠭ᠎ᠠ ᠦᠷ᠎ᠡ ᠬᠡᠦᠬᠡᠳ ᠢᠶᠠᠨ ᠴᠤ ᠬᠠᠷᠠᠭᠠᠯᠵᠠᠬᠤ ᠵᠠᠪ ᠦᠭᠡᠢ ᠪᠠᠶᠢᠭ᠎ᠠ ᠪᠠᠶᠢᠳᠠᠯ ᠢ ᠲᠣᠪᠴᠢᠶᠠᠨ ᠤ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠡᠨᠡ ᠬᠦ ᠤᠨᠴᠠᠭᠠᠢ ᠦᠶ᠎ᠡ ᠳᠤ ᠴᠠᠭᠳᠠᠭ᠎ᠠ ᠶᠢᠨ ᠦᠷ᠎ᠡ ᠬᠡᠦᠬᠡᠳ ᠢ ᠬᠠᠶᠢᠷᠠᠯᠠᠵᠤ ᠬᠠᠮᠠᠭᠠᠯᠠᠬᠤ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠭᠤᠴᠠᠭᠠᠨ ᠤ ᠴᠠᠭᠳᠠᠭ᠎ᠠ ᠶᠢᠨ ᠰᠠᠳᠬᠢᠯ ᠢ ᠳᠤᠯᠠᠭᠠᠴᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ | ᠬᠠᠷᠢᠯᠴᠠᠵᠤ᠂ ᠲᠣᠨᠤᠭ ᠲᠥᠬᠦᠭᠡᠷᠦᠮᠵᠢ ᠰᠠᠶᠢᠨ᠂ ᠨᠥᠬᠦᠴᠡᠯ ᠰᠠᠶᠢᠨ᠂ ᠡᠷᠡᠭᠦᠯ ᠬᠠᠮᠠᠭᠠᠯᠠᠯ ᠰᠠᠶᠢᠨ᠂ ᠵᠠᠮ ᠬᠠᠷᠢᠯᠴᠠᠭ᠎ᠠ ᠰᠠᠶᠢᠨ ᠨᠠᠬᠢᠶ᠎ᠠ ᠬᠡᠦᠬᠡᠳ ᠤᠨ | ᠴᠡᠴᠡᠷᠯᠢᠭ ᠢ ᠰᠣᠩᠭᠤᠵᠤ ᠴᠠᠭᠳᠠᠭ᠎ᠠ ᠶᠢᠨ ᠦᠷ᠎ᠡ ᠬᠡᠦᠬᠡᠳ ᠢ ᠬᠠᠷᠠᠵᠤ ᠬᠠᠮᠠᠭᠠᠯᠠᠬᠤ ᠴᠡᠭ ᠪᠣᠯᠭᠠᠪᠠ᠃ ᠵᠥᠪᠳᠡᠯᠴᠡᠬᠦ ᠪᠠᠷ ᠳᠠᠮᠵᠢᠨ᠂ ᠬᠠᠷᠠᠵᠤ ᠬᠠᠮᠠᠭᠠᠯᠠᠬᠤ ᠴᠡᠭ | ᠨᠢ ᠬᠠᠮᠢᠶᠠᠷᠤᠯᠲᠠ ᠰᠠᠶᠢᠨ᠂ ᠬᠠᠷᠠᠭᠠᠯᠵᠠᠬᠤ ᠳᠤ ᠲᠦᠭᠦᠮ᠂ ᠠᠮᠤᠷ ᠲᠦᠪᠰᠢᠨ᠂ ᠲᠠᠭᠠᠯᠠᠮᠵᠢᠲᠠᠶ ᠣᠷᠴᠢᠨ ᠲᠣᠭᠤᠷᠢᠨ ᠢ ᠪᠤᠢ ᠪᠤᠯᠭᠠᠬᠤ ᠶᠢ ᠪᠠᠳᠣᠯᠠᠭᠰᠠᠨ | ᠪᠠᠶᠢᠨ᠎ᠠ᠃ | ᠲᠣᠰ ᠤᠳᠠᠭᠠᠨ ᠤ ᠨᠠᠶᠢᠳᠠᠨ ᠬᠠᠮᠢᠶᠠᠷᠤᠭᠤᠯᠬᠤ ᠲᠥᠪ ᠪᠤᠯ ᠠᠯᠪᠠᠨ ᠠᠴᠠ ᠪᠠᠶᠢᠭᠤᠯᠤᠭᠰᠠᠨ ᠨᠢᠭᠡᠴᠢ ᠪᠣᠯᠤᠨ᠎ᠠ᠂ ᠲᠤᠰᠬᠠᠶ ᠲᠤᠰᠢᠶᠠᠯᠲᠤ ᠬᠠᠮᠢᠶᠠᠷᠤᠭᠴᠢ ᠪᠠ ᠬᠢᠷᠢ | ᠬᠡᠮ ᠤᠨ ᠦᠨᠡᠮᠯᠡᠯ ᠣᠯᠤᠭᠰᠠᠨ ᠲᠤᠰᠬᠠᠶ ᠮᠡᠷᠭᠡᠵᠢᠯ ᠤᠨ ᠪᠠᠭᠰᠢ ᠲᠠᠢ᠂ ᠲᠠᠳᠠ ᠠᠷᠠᠳ ᠤᠨ ᠲᠥᠯᠥᠭᠡ ᠲᠠᠮᠡᠴᠡᠵᠤ ᠪᠠᠶᠢᠭ᠎ᠠ ᠴᠠᠭᠳᠠᠭ᠎ᠠ ᠶᠢᠨ ᠦᠷ᠎ᠡ ᠬᠡᠦᠬᠡᠳ ᠢ | ᠪᠥᠬᠦ ᠲᠠᠯ᠎ᠠ ᠪᠠᠷ ᠨᠠᠶᠢᠳᠠᠨ ᠬᠠᠮᠢᠶᠠᠷᠤᠭᠤᠯᠬᠤ ᠠᠵᠢᠯ ᠢ ᠬᠠᠷᠢᠭᠤᠴᠠᠪᠠ᠃ | | | | | ᠡᠨᠡ ᠬᠦ ᠤᠨᠴᠠᠭᠠᠢ ᠪᠠᠶᠢᠳᠠᠯ ᠳᠤ ᠴᠠᠭᠳᠠᠭ᠎ᠠ ᠶᠢᠨ ᠦᠷ᠎ᠡ ᠬᠡᠦᠬᠡᠳ ᠢ ᠨᠠᠶᠢᠳᠠᠨ ᠬᠠᠮᠢᠶᠠᠷᠤᠭᠤᠯᠬᠤ ᠳᠤ ᠪᠠᠨ ᠪᠣᠳᠠᠲᠤ ᠪᠠᠶᠢᠳᠠᠯ ᠠᠴᠠ ᠡᠭᠦᠰᠴᠦ ᠥᠷᠭᠡᠨ | ᠤᠯᠠᠨ ᠴᠠᠭᠳᠠᠭ᠎ᠠ ᠶᠢᠨ ᠵᠣᠪᠠᠨᠢᠯ ᠢ ᠰᠢᠢᠳᠪᠦᠷᠢᠯᠡᠪᠡ᠂ ᠡᠨᠡ ᠬᠦ ᠠᠷᠭ᠎ᠠ ᠬᠡᠮᠵᠢᠶ᠎ᠡ ᠨᠢ ᠮᠠᠨ ᠤ ᠲᠣᠪᠴᠢᠶᠠᠨ ᠤ ᠴᠠᠭᠳᠠᠭ᠎ᠠ ᠨᠠᠷ ᠤᠨ ᠨᠢᠭᠳᠠᠷᠠᠯ ᠢ ᠴᠢᠩᠭᠠᠷᠠᠭᠤᠯᠵᠤ᠂ | ᠴᠠᠭᠳᠠᠭ᠎ᠠ ᠶᠢᠨ ᠠᠵᠢᠯ ᠮᠡᠷᠭᠡᠵᠢᠯ ᠤᠨ ᠢᠷᠠᠭᠤ ᠠᠯᠳᠠᠷᠲᠤ ᠲᠦᠷᠦᠭᠳᠡᠯ᠂ ᠵᠤᠯ ᠵᠢᠷᠭᠠᠯᠳᠤ ᠲᠦᠷᠦᠭᠳᠡᠯ᠂ ᠣᠯᠤᠯᠲᠠ ᠶᠢᠨ ᠲᠦᠷᠦᠭᠳᠡᠯ ᠢ ᠳᠡᠭᠡᠭᠰᠢᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠨᠠᠬᠢᠶ᠎ᠠ ᠬᠡᠦᠬᠡᠳ ᠤᠨ ᠴᠡᠴᠡᠷᠯᠢᠭ ᠯᠦᠭᠡ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠨᠠᠶᠢᠳᠠᠨ | ᠬᠠᠮᠢᠶᠠᠷᠤᠭᠤᠯᠬᠤ ᠲᠦᠪ ᠤᠨ ᠴᠢᠨᠠᠷ ᠴᠢᠨᠰᠠᠭ᠎ᠠ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠥᠷᠭᠡᠨ ᠣᠯᠠᠨ ᠴᠠᠭᠳᠠᠭ᠎ᠠ ᠶᠢᠨ ᠡᠷᠡᠯᠬᠡᠭᠯᠡᠨ ᠲᠡᠮᠡᠴᠡᠬᠦ ᠶᠢ | ᠵᠣᠷᠢᠭᠵᠢᠭᠤᠯᠵᠤ᠂ ᠠᠵᠢᠯ ᠤᠨ ᠪᠠᠶᠢᠷᠢ ᠳᠤ ᠪᠠᠨ ᠨᠠᠩ ᠢᠳᠡᠭᠡᠯ ᠳᠦᠭᠦᠷᠡᠩ ᠲᠡᠮᠡᠴᠡᠬᠦ ᠶᠢ ᠵᠤᠷᠢᠭᠵᠢᠭᠤᠯᠵᠠᠢ᠃ ︵ᠬᠦᠪᠡᠭᠡᠲᠦ ᠰᠢᠷ᠎ᠠ ᠬᠤᠰᠢᠭᠤᠨ ᠤ | ᠲᠤᠳᠤᠭᠠᠲᠤ ᠶᠢ ᠬᠠᠮᠠᠭᠠᠯᠠᠬᠤ ᠲᠤᠪᠴᠢᠶ᠎ᠠ︶ | |