ᠥᠨᠥᠳᠥᠷ ᠪᠣᠯ ᠠᠷᠪᠠᠨ ᠨᠢᠭᠡᠳᠦᠭᠡᠷ ︽ ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ ︾ ᠪᠣᠯᠣᠨ᠎ᠠ᠂ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠲᠥᠭᠡᠮᠡᠯᠵᠢᠭᠦᠯᠬᠦ᠂ ᠥᠷᠭᠡᠨ ᠣᠯᠠᠨ ᠵᠠᠮ ᠬᠠᠷᠢᠯᠴᠠᠭᠠᠨ ᠳᠤ ᠣᠷᠣᠯᠴᠠᠭᠰᠠᠳ ᠤᠨ | ᠪᠣᠯᠪᠠᠰᠤᠨ ᠢᠶᠠᠷ ᠬᠠᠤᠯᠢ ᠶᠢ ᠰᠠᠬᠢᠵᠤ ᠭᠠᠳᠠᠭᠰᠢ ᠭᠠᠷᠬᠤ ᠶᠢ ᠰᠠᠨᠠᠭᠠᠴᠢᠯᠠᠬᠤ ᠶᠢᠨ ᠲᠥᠯᠥᠭᠡ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠢᠨ ᠭᠠᠵᠠᠷ ᠣᠷᠣᠨ ᠤ ᠪᠠᠶᠢᠳᠠᠯ ᠳᠤ ᠪᠠᠨ ᠬᠠᠨᠳᠤᠭᠤᠯᠤᠨ᠂ ᠴᠠᠭ ᠤᠨ ᠪᠠᠶᠢᠳᠠᠯ ᠳᠤ ᠨᠢ | ᠲᠣᠬᠢᠷᠠᠭᠤᠯᠤᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡᠪᠡᠷ ᠶᠠᠪᠤᠭᠳᠠᠭᠤᠯᠵᠤ᠂ ᠬᠠᠷᠢᠶ᠎ᠠ ᠣᠷᠣᠨ ᠳᠤ ᠪᠠᠨ 122 ᠭᠤᠣᠯ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ | | | | ᠨᠢᠭᠡ ᠳᠤ᠂ ︽ᠲᠣᠮᠣ ᠳᠡᠯᠭᠡᠴᠡ ᠵᠢᠵᠢᠭ ᠳᠡᠯᠭᠡᠴᠡ︾ ᠶᠢ ᠭᠡᠷᠡᠯᠲᠦᠭᠦᠯᠪᠡ᠃ ᠪᠦᠬᠦ ᠠᠷᠠᠳ ᠢᠶᠠᠷ ᠢᠶᠠᠨ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ᠂ | ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠬᠤ᠂ ᠠᠮᠤᠷ ᠲᠦᠪᠰᠢᠨ ᠬᠠᠤᠯᠢ ᠴᠠᠭᠠᠵᠠ ᠶᠢ ᠰᠠᠬᠢᠵᠤ ᠪᠣᠯᠪᠠᠰᠤᠨ ᠢᠶᠠᠷ | ᠶᠠᠪᠤᠵᠤ ᠰᠠᠭᠤᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠶᠢᠨ ᠲᠥᠯᠥᠭᠡ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠢᠨ ᠪᠦᠬᠦ ᠬᠤᠳᠠ ᠶᠢᠨ ᠬᠡᠪᠴᠢᠶᠡᠨ ᠳᠤ ︽ᠬᠥᠰᠢᠭᠡ ᠪᠠᠨ ᠳᠡᠯᠭᠡᠬᠦ ᠠᠵᠢᠯᠯᠠᠭ᠎ᠠ︾ | ᠥᠷᠨᠢᠭᠦᠯᠵᠦ᠂ ᠠᠮᠤᠷ ᠠᠮᠤᠭᠤᠯᠠᠩ ᠦᠬᠠᠢ ᠶᠢ ᠭᠡᠷᠡᠯᠲᠦᠭᠦᠯᠪᠡ᠃ ︽ᠭᠠᠳᠠᠨᠠᠬᠢ ᠳᠡᠯᠭᠡᠴᠡ + ᠭᠠᠷ ᠤᠲᠠᠰᠤᠨ ᠤ ᠳᠡᠯᠭᠡᠴᠡ︾ ︽ᠲᠣᠮᠣ ᠳᠡᠯᠭᠡᠴᠡ + ᠵᠢᠵᠢᠭ | ᠳᠡᠯᠭᠡᠴᠡ︾ ᠶᠢᠨ ᠬᠤᠯᠪᠤᠭᠠᠯᠠᠨ ᠬᠥᠳᠡᠯᠦᠯᠴᠡᠬᠦ ᠠᠷᠭ᠎ᠠ ᠮᠠᠶ᠋ᠢᠭ ᠢ ᠠᠪᠴᠤ᠂ ᠪᠥᠬᠦ ᠬᠤᠲᠠ ᠶᠢᠨ ᠬᠡᠪᠴᠢᠶᠡᠨ ᠳᠤ 122 ᠭᠤᠣᠯ ᠰᠡᠳᠦᠪᠲᠦ ᠤᠬᠠᠭᠤᠯᠭ᠎ᠠ ᠶᠢᠨ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ | | | | ᠬᠤᠶᠠᠷ ᠲᠤ᠂ ᠠᠭᠤᠳᠠᠮ ᠲᠠᠯᠠᠪᠠᠢ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠤᠬᠠᠭᠤᠯᠪᠠ᠃ 12 ᠳ᠋ᠤᠭᠠᠷ ᠰᠠᠷ᠎ᠠ ᠶᠢᠨ 2 ᠤᠨ ᠡᠳᠦᠷ᠂ ᠦᠬᠠᠢ ᠶᠢᠨ ᠵᠠᠮ 手机版office365破解版_365速发国际购彩中心_365提现一般多久到账 | ᠬᠠᠷᠢᠯᠴᠠᠭᠠᠨ ᠤ ᠴᠠᠭᠳᠠᠭ᠎ᠠ ᠬᠠᠷᠢᠶ᠎ᠠ ᠣᠷᠣᠨ ᠤ ᠠᠭᠤᠳᠠᠮ ᠲᠠᠯᠠᠪᠠᠢ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠵᠠᠷᠯᠠᠯ | ᠨᠠᠭᠠᠬᠤ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠯᠠᠨ ᠲᠦᠮᠡᠨ ᠤ | ᠠᠰᠠᠭᠤᠯᠲᠠ ᠶᠢ ᠬᠠᠷᠢᠭᠤᠯᠬᠤ ᠵᠡᠷᠭᠡ ᠠᠷᠭ᠎ᠠ ᠬᠡᠯᠪᠡᠷᠢ ᠪᠠᠷ ᠤᠯᠠᠨ ᠲᠦᠮᠡᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠶᠠᠷᠢᠵᠤ᠂ ᠠᠮᠤᠷ | ᠲᠦᠪᠰᠢᠨ ᠢᠶᠠᠷ ᠶᠠᠪᠤᠵᠤ ᠰᠠᠭᠤᠬᠤ ᠲᠤᠬᠠᠢ ᠣᠶᠢᠯᠠᠭᠠᠭᠳᠠᠬᠤᠨ ᠢ ᠰᠠᠨᠠᠭᠠᠴᠢᠯᠠᠪᠠ᠃ | | | | ᠭᠤᠷᠪᠠ ᠳᠤ᠂ ᠭᠤᠣᠯᠳᠠᠯᠭ᠎ᠠ ᠲᠠᠢ ᠲᠠᠯᠠᠪᠤᠷ ᠲᠤ ᠠᠮᠤᠷ ᠲᠦᠪᠰᠢᠨ ᠤ ᠤᠬᠠᠭᠤᠯᠭ᠎ᠠ ᠬᠢᠵᠦ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠪᠡ᠃ | ᠭᠤᠣᠯᠳᠠᠯᠭ᠎ᠠ ᠲᠠᠢ ᠠᠵᠤ ᠠᠬᠤᠶᠢᠯᠠᠯ᠂ ᠠᠵᠢᠯᠲᠠᠨ ᠳᠤ ᠡᠬᠢ ᠡᠭᠦᠰᠦᠯ ᠠᠴᠠ ᠨᠢ ᠤᠬᠠᠭᠤᠯᠬᠤ ᠪᠣᠯ ᠵᠠᠮ ᠬᠠᠷᠢᠯᠴᠠᠭᠠᠨ ᠤ ᠠᠮᠤᠷ ᠲᠦᠪᠰᠢᠨ ᠤ ᠴᠢᠬᠤᠯᠠ | ᠭᠤᠭᠴᠤᠭ᠎ᠠ ᠪᠣᠯᠣᠭᠰᠠᠭᠠᠷ ᠢᠷᠡᠭᠰᠡᠨ ᠶᠤᠮ᠂ ᠤᠬᠠᠭᠤᠯᠭ᠎ᠠ ᠶᠢᠨ ᠴᠠᠭᠳᠠᠭ᠎ᠠ ᠭᠤᠣᠯᠳᠠᠯᠭ᠎ᠠ ᠲᠠᠢ ᠵᠢᠯᠣᠭᠤᠴᠢ ᠶᠢᠨ ᠠᠮᠤᠷ ᠲᠦᠪᠰᠢᠨ ᠤ ᠤᠬᠠᠮᠰᠠᠷ᠂ ᠬᠠᠤᠯᠢ ᠪᠠᠷ | ᠵᠠᠰᠠᠬᠤ ᠤᠬᠠᠮᠰᠠᠷ᠂ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠡᠭᠦᠨ ᠤ ᠤᠯᠠᠮ ᠠᠴᠠ ᠵᠠᠮ ᠬᠠᠷᠢᠯᠴᠠᠭᠠᠨ ᠤ ᠠᠳᠡᠯ ᠭᠠᠷᠬᠤ ᠶᠢ ᠡᠬᠢ | ᠡᠭᠦᠰᠦᠯ ᠠᠴᠠ ᠨᠢ ᠰᠡᠷᠭᠡᠶᠢᠯᠡᠬᠦ ᠪᠠ ᠪᠠᠭᠠᠰᠬᠠᠨ᠎ᠠ᠃ | |