ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠢᠨᠠᠨ ᠪᠠᠶᠢᠴᠠᠭᠠᠬᠤ ᠬᠠᠤᠯᠢ ᠳᠦᠷᠢᠮ ᠤᠨ ᠶᠡᠭᠡ | ᠠᠩᠭᠢ ᠨᠢ ᠭᠤᠣᠯᠳᠠᠭᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠂ ᠡᠭᠦᠨ ᠳᠤ ᠡᠳᠦᠷ ᠲᠤᠲᠤᠮ ᠤᠨ ᠬᠡᠷᠡᠭ ᠢ | ᠬᠢᠨᠠᠨ ᠬᠠᠷᠭᠤᠭᠤᠯᠬᠤ᠂ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠵᠢᠴᠢ ᠪᠣᠯᠪᠠᠰᠤᠷᠠᠭᠤᠯᠤᠯ᠂ ᠬᠡᠷᠡᠭ ᠪᠣᠯᠭᠠᠨ ᠳᠡᠩᠰᠡᠯᠡᠬᠦ ᠶᠢ ᠬᠦᠯᠢᠶᠡᠬᠦ | ᠬᠢᠨᠠᠯᠲᠠ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠪᠠᠶᠢᠴᠠᠭᠠᠯᠲᠠ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ᠂ ᠡᠷᠡᠭᠦᠦ ᠶᠢᠨ | ᠬᠡᠷᠡᠭ ᠤᠨ ᠳᠠᠬᠢᠨ ᠵᠥᠪᠯᠡᠬᠦ᠂ ᠬᠡᠷᠡᠭ ᠢ ᠵᠠᠭᠠᠯᠳᠤᠬᠤ ᠪᠠ ᠭᠥᠯᠢᠶᠡᠨ ᠠᠪᠴᠤ ᠰᠢᠢᠳᠪᠦᠷᠢᠯᠡᠬᠦ᠂ ᠬᠠᠤᠯᠢ ᠴᠠᠭᠠᠵᠠ ᠳᠤ ᠬᠤᠯᠪᠣᠭᠳᠠᠬᠤ ᠪᠠ ᠵᠠᠷᠭᠤ ᠳᠤ ᠬᠤᠯᠪᠣᠭᠳᠠᠬᠤ | ᠵᠠᠬᠢᠳᠠᠯ ᠰᠣᠷᠪᠤᠯᠵᠢᠯᠠᠭ᠎ᠠ ᠵᠡᠷᠭᠡ ᠣᠯᠠᠨ ᠵᠦᠢᠯ ᠤᠨ ᠠᠭᠤᠯᠭ᠎ᠠ ᠪᠠᠭᠲᠠᠨ᠎ᠠ᠃ ︽ᠬᠠᠤᠯᠢ ᠶᠢ ᠮᠡᠳᠡᠪᠡᠯ ᠰᠠᠶ᠋ᠢ ᠬᠠᠤᠯᠢ ᠶᠢ ᠬᠡᠷᠡᠭᠵᠢᠭᠦᠯᠵᠦ ᠴᠢᠳᠠᠨ᠎ᠠ᠂ ᠡᠩ ᠤᠨ | ᠦᠶ᠎ᠡ ᠳᠤ ᠪᠢᠳᠡ ᠸᠢᠴᠠᠲ ᠤᠨ ᠴᠤᠭᠯᠠᠭᠠᠨ᠂ ᠴᠠᠭᠳᠠᠭᠠᠨ ᠤ ᠶᠠᠪᠤᠳᠠᠯ ᠤᠨ ᠪᠢᠴᠢᠯ ᠬᠢᠴᠢᠶᠡᠯ ᠤᠨ ᠲᠠᠩᠬᠢᠮ᠂ ᠳ᠋ᠢᠶᠠᠩᠬᠤᠸᠠ ᠵᠡᠷᠭᠡ ᠰᠣᠯᠢᠯᠴᠠᠬᠤ ᠬᠡᠯᠪᠡᠷᠢ ᠪᠠᠷ ᠪᠦᠬᠦ | ᠴᠠᠭᠳᠠᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠣᠳᠣ ᠨᠡᠩ ᠣᠯᠠᠨ ᠠᠷᠠᠳ ᠤᠨ ᠴᠠᠭᠳᠠᠭ᠎ᠠ ᠬᠠᠤᠯᠢ | ᠶᠣᠰᠣᠭᠠᠷ ᠠᠵᠢᠯᠯᠠᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠪᠠᠷ ᠦᠨᠳᠦᠰᠦᠯᠡᠯ ᠪᠣᠯᠭᠠᠬᠤ ᠠᠵᠢᠯ ᠤᠨ ᠳᠠᠳᠬᠠᠯ ᠲᠠᠢ ᠪᠣᠯᠵᠤ ᠪᠠᠶᠢᠨ᠎ᠠ︾ ᠭᠡᠵᠦ ᠰᠦᠨ ᠢᠦᠢ | ᠮᠢᠨ ᠬᠡᠯᠡᠪᠡ᠃ ᠲᠦᠷᠦᠭᠦᠬᠡᠨ ᠬᠤᠷᠠᠯᠳᠤᠭᠤᠯᠤᠭᠰᠠᠨ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠪᠠᠭᠠᠲᠤᠷ ᠵᠢᠱᠢᠶᠡᠴᠢ ᠭᠠᠪᠢᠶ᠎ᠠ | ᠪᠠᠶᠢᠭᠤᠯᠤᠭᠰᠠᠨ ᠬᠠᠮᠲᠤ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ᠂ ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ | ᠬᠤᠪᠢᠶᠠᠷᠢ ᠲᠣᠪᠴᠢᠶ᠎ᠠ ᠶᠢᠨ ᠬᠢᠨᠠᠨ ᠪᠠᠶᠢᠴᠠᠭᠠᠬᠤ ᠬᠠᠤᠯᠢ ᠳᠦᠷᠢᠮ ᠤᠨ ᠶᠡᠭᠡ ᠠᠩᠭᠢ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠦᠨᠳᠦᠰᠦᠨ ᠱᠠᠲᠤᠨ ᠤ | ᠰᠢᠯᠢᠳᠡᠭ ᠨᠢᠭᠡᠴᠢ ᠶᠢ ᠢᠷᠠᠭᠤ ᠠᠯᠳᠠᠷᠲᠠᠢ ᠪᠠᠷ ᠭᠥᠯᠢᠶᠡᠨ ᠠᠪᠠᠪᠠ᠃ | | | | | ᠤᠯᠠᠨ ᠵᠢᠯ ᠤᠨ ᠲᠤᠷᠰᠢ᠂ ᠬᠢᠨᠠᠨ ᠪᠠᠶᠢᠴᠠᠭᠠᠬᠤ ᠬᠠᠤᠯᠢ ᠳᠦᠷᠢᠮ ᠤᠨ ᠶᠡᠭᠡ ᠠᠩᠭᠢ ᠶᠢᠨ ᠬᠢᠨ ᠬᠡᠷᠡᠭ ᠤᠨ ᠶᠠᠰᠤ ᠴᠢᠨᠠᠷ ᠢ ᠡᠵᠡᠮᠳᠡᠬᠦ ᠶᠢ ᠲᠠᠰᠤᠷᠠᠯᠳᠡ | ᠦᠭᠡᠢ ᠴᠢᠩᠭᠠᠳᠬᠠᠵᠤ᠂ ᠪᠠᠶᠢᠩᠭᠤ ᠲᠣᠬᠢᠶᠠᠯᠳᠤᠬᠤ᠂ ᠤᠯᠠᠨ ᠡᠭᠦᠰᠬᠦ ᠵᠢᠴᠢ ᠬᠦᠨᠳᠦ ᠶᠡᠭᠡ ᠬᠡᠷᠡᠭ ᠤᠨ ᠭᠡᠷᠡᠴᠢ ᠠᠪᠬᠤ ᠵᠢᠯᠣᠭᠤᠳᠤᠯᠭ᠎ᠠ ᠶᠢ ᠲᠡᠭᠦᠯᠳᠡᠷᠵᠢᠭᠦᠯᠵᠦ᠂ | ᠪᠦᠬᠦ ᠲᠠᠯ᠎ᠠ ᠪᠠᠷ᠂ ᠬᠠᠤᠯᠢ ᠶᠣᠰᠣᠭᠠᠷ ᠭᠡᠷᠡᠴᠢ ᠪᠠᠷᠢᠮᠲᠠ ᠴᠤᠭᠯᠠᠭᠤᠯᠬᠤ ᠶᠢ ᠪᠠᠲᠤᠯᠠᠬᠤ ᠶᠢᠨ ᠬᠠᠮᠲᠤ ᠬᠦᠨᠳᠦ ᠶᠡᠭᠡ ᠲᠦᠪᠡᠭᠲᠡᠢ ᠡᠷᠡᠭᠦᠦ ᠶᠢᠨ ᠬᠡᠷᠡᠭ ᠢ | ᠰᠢᠢᠳᠪᠦᠷᠢᠯᠡᠬᠦ ᠪᠠ ᠪᠠᠶᠢᠴᠠᠭᠠᠬᠤ ᠪᠠᠶᠢᠭᠤᠯᠭ᠎ᠠ ᠲᠠᠢ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠡᠷᠡᠭᠵᠢᠭᠦᠯᠵᠦ᠂ ᠬᠡᠷᠡᠭ ᠤᠨ ᠶᠠᠰᠤ ᠴᠢᠨᠠᠷ ᠢ ᠬᠠᠮᠢᠶᠠᠷᠤᠨ | ᠡᠵᠡᠮᠳᠡᠬᠦ ᠶᠢ ᠴᠢᠩᠭᠠᠳᠬᠠᠵᠠᠢ᠃ ᠡᠭᠦᠨ ᠤ ᠵᠡᠷᠭᠡᠴᠡᠭᠡᠪᠡᠷ ᠡᠷᠬᠡ ᠶᠢᠨ ᠬᠡᠷᠡᠭᠵᠢᠭᠦᠯᠦᠯᠲᠡ ᠶᠢ ᠵᠢᠷᠤᠮᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ | ᠬᠡᠷᠡᠭᠵᠢᠭᠦᠯᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ | ᠦᠨᠡᠯᠡᠨ ᠵᠢᠱᠢᠬᠦ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠴᠢᠯᠦᠭᠡᠲᠦ ᠲᠠᠰᠤᠯᠤᠯᠲᠠ ᠶᠢᠨ ᠡᠷᠬᠡ ᠶᠢᠨ 手机版office365破解版_365速发国际购彩中心_365提现一般多久到账 | ᠬᠡᠷᠡᠭᠵᠢᠭᠦᠯᠦᠯᠲᠡ ᠶᠢ ᠵᠢᠷᠤᠮᠵᠢᠭᠤᠯᠤᠨ᠎ᠠ᠃ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠤᠯᠠᠮ ᠨᠢᠭᠡ ᠠᠯᠬᠤᠮ | ᠴᠢᠩᠭᠠᠳᠬᠠᠵᠤ᠂ ᠬᠡᠷᠡᠭ ᠰᠢᠢᠳᠪᠦᠷᠢᠯᠡᠬᠦ ᠶᠠᠰᠤ ᠴᠢᠨᠠᠷ ᠤᠨ ᠨᠠᠰᠤᠨ ᠲᠤᠷᠰᠢᠲᠠ ᠶᠢᠨ ᠬᠠᠷᠢᠭᠤᠴᠠᠯᠭ᠎ᠠ ᠶᠢᠨ ᠳᠦᠷᠢᠮ ᠪᠠ ᠪᠤᠷᠤᠭᠤ ᠬᠡᠷᠡᠭ ᠤᠨ ᠬᠠᠷᠢᠭᠤᠴᠠᠯᠭ᠎ᠠ ᠶᠢ | ᠬᠡᠳᠡᠷᠬᠦ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠤᠨ ᠴᠠᠭᠳᠠᠭ᠎ᠠ ᠶᠢᠨ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠ ᠪᠤᠷᠤᠭᠤ ᠶᠢ ᠠᠭᠤᠴᠢᠯᠠᠨ ᠬᠠᠷᠢᠭᠤᠴᠠᠯᠭ᠎ᠠ ᠠᠴᠠ ᠬᠡᠯᠲᠦᠷᠢᠭᠦᠯᠬᠦ ᠲᠣᠭᠲᠠᠴᠠ ᠶᠢ | ᠪᠦᠷᠢᠨᠰᠢᠭᠦᠯᠦᠨ᠎ᠡ᠃ | ᠣᠳᠣᠬᠠᠨ ᠳᠤ᠂ ︽ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠷ ᠬᠠᠷᠢᠭᠤᠴᠠᠯᠭ᠎ᠠ ᠪᠣᠯᠭᠠᠵᠤ᠂ ᠬᠠᠤᠯᠢ ᠬᠡᠷᠡᠭᠵᠢᠭᠦᠯᠦᠯᠲᠡ ᠳᠤ ᠨᠢ ᠵᠢᠷᠤᠮᠵᠢᠯ ᠲᠠᠢ | ᠪᠣᠯ ᠬᠠᠷᠢᠭᠤᠴᠠᠯᠭ᠎ᠠ ᠡᠭᠦᠷᠭᠡᠯᠡᠬᠦ ᠦᠭᠡᠢ︾ ᠭᠡᠳᠡᠭ ᠨᠢ ᠨᠢᠭᠡᠨᠲᠡ ᠬᠠᠶᠢᠨᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠪᠥᠬᠦ ᠠᠷᠠᠳ ᠤᠨ ᠴᠠᠭᠳᠠᠭ᠎ᠠ | ᠬᠠᠪᠰᠤᠷᠤᠭᠴᠢ ᠴᠠᠭᠳᠠᠭ᠎ᠠ ᠶᠢᠨ ᠬᠠᠮᠲᠤ ᠶᠢᠨ ᠲᠠᠨᠢᠯᠲᠠ ᠪᠠ ᠤᠬᠠᠮᠰᠠᠷ ᠪᠣᠯᠤᠭᠰᠠᠨ ᠪᠠᠶᠢᠨ᠎ᠠ᠃ ᠣᠲᠣ ᠪᠣᠯᠲᠠᠯ᠎ᠠ᠂ ᠬᠠᠶᠢᠨᠠᠨ ᠲᠣᠭᠤᠷᠢᠭ ᠤᠨ ᠬᠤᠪᠢᠶᠠᠷᠢ | ᠲᠣᠪᠴᠢᠶ᠎ᠠ ᠳᠤ 5 ᠵᠢᠯ ᠳᠠᠷᠠᠭᠠᠯᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠬᠤᠪᠢᠷᠠᠭᠤᠯᠤᠭᠰᠠᠨ ᠪᠠ ᠵᠠᠰᠠᠭ ᠵᠠᠬᠢᠷᠭᠠᠨ ᠤ ᠵᠠᠷᠭᠤ ᠢᠯᠠᠭᠳᠠᠭᠰᠠᠨ ᠦᠭᠡᠢ᠂ ᠬᠠᠤᠯᠢ | ᠬᠡᠷᠡᠭᠵᠢᠭᠦᠯᠦᠯᠲᠡ ᠳᠤ ᠣᠰᠣᠯ ᠪᠤᠷᠤᠭᠤ ᠭᠠᠷᠤᠭᠰᠠᠨ ᠦᠭᠡᠢ᠃ | ᠴᠠᠭ ᠦᠶ᠎ᠡ ᠶᠢᠨ ᠬᠥᠭᠵᠢᠯᠲᠡ ᠶᠢ ᠳᠠᠭᠠᠯᠳᠤᠨ᠂ ᠬᠠᠤᠯᠢ ᠴᠠᠭᠠᠵᠠ ᠬᠠᠤᠯᠢ ᠲᠣᠭᠲᠠᠭᠠᠯ ᠲᠠᠰᠤᠷᠠᠯᠲᠠ ᠦᠭᠡᠢ ᠰᠢᠨᠡᠳᠦᠨ ᠲᠡᠭᠦᠯᠳᠡᠷᠵᠢᠵᠦ᠂ ᠠᠷᠠᠳ ᠤᠨ | ᠴᠠᠭᠳᠠᠭ᠎ᠠ ᠶᠢᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠴᠢᠳᠠᠪᠤᠷᠢ ᠶᠢ ᠬᠡᠷᠬᠢᠨ ᠦᠷᠭᠦᠯᠵᠢᠯᠡᠨ ᠳᠡᠭᠡᠭᠰᠢᠯᠡᠭᠦᠯᠬᠦ ᠨᠢ ᠬᠠᠤᠯᠢ ᠬᠡᠷᠡᠭᠵᠢᠭᠦᠯᠦᠯᠲᠡ ᠶᠢᠨ ᠲᠥᠪ | ᠭᠤᠥᠯᠴᠢ ᠪᠠᠶᠢᠬᠤ ᠶᠢᠨ ᠵᠠᠩᠭᠢᠯᠠᠭ᠎ᠠ ᠪᠣᠯᠵᠠᠢ᠃ ᠣᠶᠢᠷ᠎ᠠ ᠶᠢᠨ ᠵᠢᠯ ᠠᠴᠠ᠂ ᠬᠢᠨᠠᠨ ᠪᠠᠶᠢᠴᠠᠭᠠᠬᠤ ᠬᠠᠤᠯᠢ ᠳᠦᠷᠢᠮ ᠤᠨ ᠶᠡᠭᠡ ᠠᠩᠭᠢ ︽ᠠᠵᠢᠯᠯᠠᠵᠤ | ᠰᠤᠷᠤᠯᠴᠠᠬᠤ ᠶᠢ ᠵᠡᠷᠭᠡᠪᠡᠷ ᠠᠬᠢᠭᠤᠯᠬᠤ︾ ᠶᠢ ᠪᠠᠷᠢᠮᠲᠠᠯᠠᠵᠤ᠂ ᠪᠦᠬᠦ ᠴᠠᠭᠳᠠᠭ᠎ᠠ ᠳᠤ ᠬᠠᠤᠯᠢ ᠬᠡᠷᠡᠭᠵᠢᠭᠦᠯᠬᠦ ᠪᠠ ᠬᠠᠤᠯᠢ ᠰᠤᠷᠤᠯᠴᠠᠬᠤ ᠶᠢ ᠵᠡᠷᠭᠡᠪᠡᠷ | ᠶᠠᠪᠤᠭᠳᠠᠭᠤᠯᠬᠤ ᠶᠢ ᠠᠬᠢᠭᠤᠯᠵᠤ᠂ ᠲᠤᠷᠰᠢᠯᠭ᠎ᠠ ᠪᠠᠷ ᠬᠠᠤᠯᠢ ᠬᠡᠷᠡᠭᠵᠢᠭᠦᠯᠬᠦ᠂ ᠢᠨᠧᠷᠼᠢ ᠪᠠᠷ ᠬᠠᠤᠯᠢ ᠬᠡᠷᠡᠭᠵᠢᠭᠦᠯᠬᠦ᠂ ᠪᠠᠯᠠᠷᠬᠠᠢ ᠬᠠᠤᠯᠢ ᠬᠡᠷᠡᠭᠵᠢᠭᠦᠯᠬᠦ ᠶᠢ | ᠬᠤᠷᠢᠭᠯᠠᠪᠠ᠃ ᠡᠭᠦᠨ ᠤ ᠬᠠᠮᠲᠤ ︽ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠠᠤᠯᠢ | ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠦᠬᠠᠢ ᠬᠤᠲᠠ ᠶᠢᠨ ᠬᠠᠶᠢᠨᠠᠨ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠦᠯᠵᠢᠶᠡᠨ ᠳᠡᠭᠡᠷ᠎ᠡ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠵᠦ ᠬᠡᠷᠡᠭ | ᠰᠢᠢᠳᠪᠦᠷᠢᠯᠡᠬᠦ ᠳᠤ ᠬᠢᠨᠠᠯᠲᠠ ᠲᠠᠯᠪᠢᠬᠤ ᠲᠣᠭᠲᠠᠴᠠ︾ ᠵᠡᠷᠭᠡ 22 ᠵᠦᠢᠯ ᠤᠨ ᠲᠣᠭᠲᠠᠴᠠ ᠳᠦᠷᠢᠮ ᠢ ᠲᠣᠭᠲᠠᠭᠠᠵᠤ᠂ ᠠᠷᠠᠳ ᠤᠨ ᠴᠠᠭᠳᠠᠭ᠎ᠠ ᠶᠢ ᠬᠠᠲᠠᠭᠤ | ᠴᠢᠩᠭ᠎ᠠ ᠴᠢᠳᠠᠪᠤᠷᠢ ᠬᠡᠪ ᠪᠣᠯᠪᠠᠰᠤᠷᠠᠯ ᠢᠶᠠᠷ ᠬᠡᠷᠡᠭᠯᠡᠵᠦ ᠪᠣᠯᠬᠤ ᠬᠠᠤᠯᠢ ᠲᠠᠢ᠂ ᠬᠠᠤᠯᠢ ᠶᠢ ᠵᠠᠪᠠᠯ ᠵᠢᠷᠤᠮᠯᠠᠬᠤ᠂ ᠬᠠᠤᠯᠢ ᠶᠢ ᠮᠡᠳᠡᠵᠦ ᠬᠠᠤᠯᠢ ᠬᠡᠷᠡᠭᠵᠢᠭᠦᠯᠬᠦ᠂ | ᠬᠠᠤᠯᠢ ᠶᠢ ᠵᠠᠪᠠᠯ ᠴᠢᠩᠭ᠎ᠠ ᠬᠡᠷᠡᠭᠵᠢᠭᠦᠯᠬᠦ ᠶᠢ ᠪᠡᠶᠡᠯᠡᠭᠦᠯᠵᠦ᠂ ᠬᠡᠷᠡᠭ ᠢ ᠰᠢᠢᠳᠪᠦᠷᠢᠯᠡᠵᠦ ᠳᠠᠭᠤᠰᠤᠭᠰᠠᠨ ᠤ ᠳᠠᠷᠠᠭ᠎ᠠ ︽ᠰᠠᠨᠠᠭ᠎ᠠ ᠠᠮᠤᠷ ᠪᠠᠶᠢᠯᠭᠠᠬᠤ︾ ᠬᠡᠷᠡᠭᠲᠡᠢ | ᠭᠡᠵᠡᠢ᠃ | ︽ᠴᠠᠭᠳᠠᠭ᠎ᠠ᠂ ᠬᠡᠷᠡᠭ᠂ ᠬᠥᠮᠥᠨ᠂ ᠪᠣᠳᠠᠰ᠂ ᠡᠪᠬᠡᠮᠡᠯ︾ ᠤᠨ ᠬᠠᠤᠯᠢ ᠬᠡᠷᠡᠭᠵᠢᠭᠦᠯᠬᠦ ᠭᠤᠣᠯ ᠡᠯᠧᠮᠧᠨ᠋ᠲ ᠲᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ | ᠪᠠᠶᠢᠴᠠᠭᠠᠬᠤ ᠬᠠᠤᠯᠢ ᠳᠦᠷᠢᠮ ᠤᠨ ᠶᠡᠭᠡ ᠠᠩᠭᠢ ᠶᠢᠨ ᠬᠢᠨ ᠳᠣᠲᠣᠭᠠᠳᠤ ᠶᠢ ᠬᠠᠮᠠᠭᠠᠯᠠᠬᠤ ᠶᠠᠮᠤᠨ ᠤ ᠡᠷᠡᠭᠦᠦ ᠶᠢᠨ ᠬᠡᠷᠡᠭ ᠬᠤᠶᠠᠷ ᠢ ᠨᠢᠭᠡᠳᠦᠯᠲᠡᠢ ᠪᠣᠯᠭᠠᠭᠰᠠᠨ | ᠰᠠᠭᠤᠷᠢᠨ ᠳᠡᠭᠡᠷ᠎ᠡ ᠪᠦᠬᠦ ᠤᠯᠤᠰ ᠲᠤ ᠠᠩᠬ᠎ᠠ ᠤᠳᠠᠭ᠎ᠠ ᠴᠠᠭᠳᠠᠭ᠎ᠠ ᠭᠥᠯᠢᠶᠡᠨ ᠠᠪᠬᠤ ᠪᠠ ᠰᠢᠢᠳᠪᠦᠷᠢᠯᠡᠬᠦ ᠳᠤ ᠨᠢᠭᠡᠳᠦᠯᠲᠡᠢ ᠬᠢᠨᠠᠯᠲᠠ ᠲᠠᠯᠪᠢᠬᠤ᠂ ᠬᠡᠷᠡᠭ ᠢ | ᠨᠢᠭᠡᠳᠦᠯᠲᠡᠢ ᠣᠷᠣᠭᠤᠯᠬᠤ᠂ ᠬᠡᠷᠡᠭ ᠰᠢᠢᠳᠪᠦᠷᠢᠯᠡᠬᠦ ᠲᠠᠯᠠᠪᠤᠷ ᠤᠨ ᠬᠡᠷᠡᠭᠯᠡᠯᠲᠡ ᠶᠢ ᠨᠢᠭᠡᠳᠦᠯᠲᠡᠢ ᠲᠣᠭᠤᠷᠢᠨ ᠪᠠᠶᠢᠴᠠᠭᠠᠬᠤ᠂ ᠬᠡᠷᠡᠭ ᠢ ᠨᠢᠭᠡᠳᠦᠯᠲᠡᠢ ᠬᠢᠨᠠᠨ | ᠬᠠᠷᠭᠤᠭᠤᠯᠬᠤ᠂ ᠬᠡᠷᠡᠭ ᠢ ᠨᠢᠭᠡᠳᠦᠯᠲᠡᠢ ᠭᠠᠳᠠᠭᠠᠳᠤ ᠳᠤ ᠭᠠᠷᠭᠠᠬᠤ᠂ ᠬᠡᠷᠡᠭ ᠢ ᠨᠢᠭᠡᠳᠦᠯᠲᠡᠢ ᠬᠢᠨᠠᠨ ᠬᠠᠮᠢᠶᠠᠷᠬᠤ᠂ ᠬᠡᠷᠡᠭ ᠲᠤ ᠬᠤᠯᠪᠣᠭᠳᠠᠭᠰᠠᠨ ᠵᠣᠭᠤᠰ ᠮᠥᠩᠭᠦ | ᠡᠳ᠋ ᠪᠣᠳᠠᠰ ᠢ ᠨᠢᠭᠡᠳᠦᠯᠲᠡᠢ ᠬᠠᠳᠠᠭᠠᠯᠠᠨ ᠬᠠᠮᠢᠶᠠᠷᠬᠤ᠂ ᠬᠡᠷᠡᠭ ᠤᠨ ᠡᠪᠬᠡᠮᠡᠯ ᠢ ᠨᠢᠭᠡᠳᠦᠯᠲᠡᠢ ᠳᠠᠩᠰᠠ ᠡᠪᠬᠡᠮᠡᠯ ᠳᠤ ᠣᠷᠣᠭᠤᠯᠬᠤ ︽ᠬᠠᠤᠯᠢ ᠬᠡᠷᠡᠭᠵᠢᠭᠦᠯᠵᠦ ᠬᠡᠷᠡᠭ | ᠰᠢᠢᠳᠪᠦᠷᠢᠯᠡᠬᠦ ᠨᠠᠢᠮᠠ ᠶᠢ ᠨᠢᠭᠡᠳᠦᠯᠲᠡᠢ ᠪᠣᠯᠭᠠᠬᠤ︾ ᠬᠠᠮᠢᠶᠠᠷᠤᠯᠲᠠ ᠶᠢᠨ ᠵᠠᠭᠪᠤᠷ ᠢ ᠡᠭᠦᠳᠴᠡᠢ᠃ ︽ᠣᠷᠣᠭᠤᠯᠬᠤ︾ ᠠᠴᠠ ︽ᠭᠠᠷᠭᠠᠬᠤ︾ ᠬᠦᠷᠲᠡᠯᠡᠬᠢ ᠬᠠᠤᠯᠢ | ᠬᠡᠷᠡᠭᠵᠢᠭᠦᠯᠦᠯᠲᠡ ᠶᠢᠨ ᠪᠥᠬᠦ ᠲᠤᠭ᠎ᠠ ᠪᠠᠷᠢᠮᠲᠠ ᠶᠢ ᠡᠮᠬᠢᠳᠬᠡᠨ ᠴᠤᠭᠯᠠᠭᠤᠯᠬᠤ᠂ ᠪᠥᠬᠦ ᠲᠠᠯ᠎ᠠ ᠪᠠᠷ ᠦᠢᠯᠡᠴᠢᠯᠡᠬᠦ᠂ ᠪᠥᠬᠦ ᠶᠠᠪᠤᠴᠠ ᠪᠠᠷ ᠬᠢᠨᠠᠯᠲᠠ ᠲᠠᠯᠪᠢᠬᠤ᠂ ᠪᠥᠬᠦ | ᠬᠦᠴᠦᠨ ᠵᠦᠢᠯ ᠢᠶᠠᠷ ᠬᠠᠮᠢᠶᠠᠷᠬᠤ ᠶᠢ ᠪᠡᠶᠡᠯᠡᠭᠦᠯᠵᠦ᠂ ᠠᠷᠠᠳ ᠤᠨ ᠴᠠᠭᠳᠠᠭ᠎ᠠ ᠶᠢᠨ ᠬᠡᠷᠡᠭ ᠰᠢᠢᠳᠪᠦᠷᠢᠯᠡᠬᠦ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃ |