1 ᠳ᠋ᠦ᠋ᠭᠡᠷ ᠰᠠᠷ᠎ᠠ ᠶᠢᠨ 7 ᠤ ᠡᠳᠦᠷ᠂ 2023 ᠣᠨ ᠤ 40 ᠡᠳᠦᠷ ᠶᠠᠪᠤᠭᠳᠠᠬᠤ ᠴᠠᠭᠠᠨ ᠰᠠᠷ᠎ᠠ ᠶᠢᠨ ᠵᠥᠭᠡᠭᠡᠪᠦᠷᠢ ᠵᠢᠩᠬᠢᠨᠢ ᠪᠠᠷ ᠡᠬᠢᠯᠡᠪᠡ᠂ ᠠᠮᠤᠷ | ᠠᠮᠤᠭᠤᠯᠠᠩ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠮᠤᠷ ᠲᠦᠪᠰᠢᠨ ᠤ ᠬᠠᠯᠬᠠᠪᠴᠢ ᠶᠢ ᠴᠢᠨᠠᠭᠰᠢᠳᠠ ᠪᠠᠬᠢᠵᠢᠭᠦᠯᠬᠦ᠂ ᠬᠤᠳᠠ ᠶᠢᠨ ᠠᠷᠠᠳ ᠤᠯᠠᠨ ᠤ ᠶᠠᠪᠤᠵᠤ | ᠰᠠᠭᠤᠬᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠦᠬᠠᠢ ᠶᠢᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ | ᠠᠩᠭᠢ ᠶᠢᠨ ᠬᠢᠨ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠪᠠᠶᠢᠷᠢᠯᠠᠭᠤᠯᠤᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ ︽ᠴᠠᠭᠠᠨ | ᠰᠠᠷ᠎ᠠ ᠶᠢᠨ ᠵᠥᠭᠡᠭᠡᠪᠦᠷᠢ ᠶᠢᠨ ᠵᠠᠭᠪᠤᠷ︾ ᠢ ᠪᠦᠬᠦ ᠲᠠᠯ᠎ᠠ ᠪᠠᠷ ᠡᠬᠢᠯᠡᠭᠦᠯᠪᠡ᠃ | | | ᠨᠢᠭᠡ᠂ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠰᠤᠯᠠᠷᠠᠭᠤᠯᠬᠤ ᠦᠭᠡᠢ | ᠰᠠᠨᠠᠭᠠᠴᠢᠯᠠᠭ᠎ᠠ ᠠᠴᠠ ᠪᠠᠨ ᠬᠠᠷᠢᠶ᠎ᠠ ᠣᠷᠣᠨ ᠤ ᠪᠠᠨ ︽ᠬᠤᠶᠠᠷ ᠠᠶᠠᠨᠴᠢᠨ ᠨᠢᠭᠡ ᠠᠶᠤᠯ ᠲᠠᠢ ᠨᠢᠭᠡ ᠪᠠᠷᠠᠭ᠎ᠠ︾ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ | ᠵᠢᠴᠢ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠲᠠᠯᠠᠪᠤᠷ ᠥᠷᠲᠡᠭᠡ ᠳᠤ ᠭᠦᠨᠵᠡᠭᠡᠶᠢᠷᠡᠨ ᠲᠣᠭᠤᠷᠢᠨ ᠪᠠᠶᠢᠴᠠᠭᠠᠵᠤ ᠬᠢᠨᠠᠨ ᠵᠢᠯᠤᠭᠤᠳᠬᠤ ᠶᠢ ᠥᠷᠨᠢᠭᠦᠯᠵᠦ᠂ | ᠮᠥᠷᠳᠡᠵᠦ ᠰᠢᠮᠳᠠᠭᠤᠯᠤᠨ ᠭᠦᠢᠴᠡᠳᠬᠡᠬᠦ᠂ ᠴᠠᠭ ᠬᠢᠵᠠᠭᠠᠷᠯᠠᠨ ᠲᠡᠭ ᠪᠣᠯᠭᠠᠬᠤ᠂ ᠰᠡᠷᠡᠮᠵᠢᠯᠡᠭᠦᠯᠦᠨ ᠮᠡᠳᠡᠭᠡᠯᠡᠬᠦ ᠵᠡᠷᠭᠡ ᠠᠷᠭ᠎ᠠ ᠪᠠᠷᠢᠯ ᠢ ᠰᠠᠶᠢᠲᠤᠷ ᠬᠡᠷᠡᠭᠯᠡᠨ᠂ ᠠᠶᠤᠯ | ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ ᠳᠤ ᠨᠢ ᠪᠦᠲᠦᠮᠵᠢᠲᠡᠶ ᠠᠷᠢᠯᠭᠠᠵᠤ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ︽ᠭᠤᠷᠪᠠ ᠶᠢ | ᠥᠷᠲᠡᠭᠡᠨ ᠳᠤ ᠣᠷᠣᠭᠤᠯᠬᠤ ᠦᠭᠡᠢ᠂ ᠵᠢᠷᠭᠤᠭ᠎ᠠ ᠶᠢ ᠥᠷᠲᠡᠭᠡᠨ ᠠᠴᠠ ᠭᠠᠷᠭᠠᠬᠤ ᠦᠭᠡᠢ︾᠂ 24 ᠴᠠᠭ ᠤᠨ ᠬᠥᠳᠡᠯᠦᠩᠭᠦᠢ ᠬᠢᠨᠠᠨ ᠡᠵᠡᠮᠳᠡᠬᠦ ᠵᠡᠷᠭᠡ | ᠬᠠᠮᠢᠶᠠᠷᠤᠯᠲᠠ ᠶᠢᠨ ᠳᠦᠷᠢᠮ ᠢ ᠢᠳᠡᠪᠬᠢᠲᠡᠢ ᠨᠠᠶᠢᠳᠠᠪᠤᠷᠢᠵᠢᠭᠤᠯᠤᠨ᠂ ᠬᠥᠮᠥᠨ ᠪᠠ ᠲᠡᠷᠭᠡ ᠶᠢᠨ ︽ᠭᠡᠮ ᠲᠠᠢ ᠪᠠᠷ︾ ᠵᠠᠮ ᠳᠤ ᠭᠠᠷᠬᠤ ᠶᠢ ᠴᠢᠩᠭ᠎ᠠ ᠰᠡᠷᠭᠡᠶᠢᠯᠡᠬᠦ | ᠬᠡᠷᠡᠭᠲᠡᠢ᠃ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠤᠯᠤᠰ ᠤᠨ ᠵᠠᠮ ᠤᠨ ᠶᠡᠭᠡ ᠠᠩᠭᠢ ᠬᠠᠷᠢᠶᠠᠲᠤ ᠣᠷᠣᠨ ᠤ ᠠᠶᠤᠯ ᠲᠠᠢ ᠬᠢᠮᠢ ᠶᠢᠨ | ᠪᠣᠳᠠᠰ ᠤᠨ ᠲᠡᠭᠡᠭᠡᠪᠦᠷᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ | ᠲᠦᠪᠰᠢᠨ ᠤ ᠤᠬᠠᠭᠤᠯᠭ᠎ᠠ ᠶᠢ ᠥᠷᠨᠢᠭᠦᠯᠵᠦ᠂ ᠠᠵᠤ ᠠᠬᠤᠶᠢᠯᠠᠯ ᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠲᠡᠷᠭᠡ ᠬᠥᠰᠬᠡ ᠶᠢᠨ | ᠠᠵᠢᠯᠲᠠᠨ ᠤ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠠᠶᠤᠯ ᠲᠠᠢ ᠬᠢᠮᠢ ᠶᠢᠨ | ᠪᠣᠳᠠᠰ ᠤᠨ ᠲᠡᠷᠭᠡ ᠬᠥᠰᠬᠡ ᠶᠢᠨ ᠵᠠᠮ ᠬᠠᠷᠢᠯᠴᠠᠭᠠᠨ ᠤ ᠠᠳᠡᠯ ᠢ ᠴᠢᠩᠭ᠎ᠠ ᠰᠡᠷᠭᠡᠶᠢᠯᠡᠵᠦ᠂ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠵᠠᠮ ᠬᠠᠷᠢᠯᠴᠠᠭᠠᠨ ᠤ | ᠤᠷᠴᠢᠨ ᠲᠤᠭᠤᠷᠢᠨ ᠢ ᠪᠤᠢ ᠪᠣᠯᠭᠠᠪᠠ᠃ | ᠬᠤᠶᠠᠷ᠂ ᠭᠤᠣᠯ ᠰᠡᠳᠦᠪᠲᠦ ᠤᠬᠠᠭᠤᠯᠭ᠎ᠠ ᠶᠢ ᠳᠤᠲᠠᠭᠤᠯᠵᠤ ᠪᠣᠯᠬᠤ ᠦᠭᠡᠢ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠢᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠤ ︽ᠬᠤᠶᠠᠷ ᠢ ᠨᠡᠶᠢᠲᠡᠯᠡᠵᠦ | ᠨᠢᠭᠡ ᠶᠢ ᠰᠠᠨᠠᠭᠤᠯᠬᠤ︾ ᠵᠠᠮ ᠤᠨ ᠪᠠᠶᠢᠳᠠᠯ ᠤᠨ ᠮᠡᠳᠡᠭᠡ ᠵᠠᠩᠭᠢ᠂ ᠠᠮᠤᠷ ᠲᠦᠪᠰᠢᠨ ᠢᠶᠠᠷ ᠭᠠᠳᠠᠭᠰᠢ ᠶᠠᠪᠤᠬᠤ ᠵᠡᠷᠭᠡ ᠠᠭᠤᠯᠭ᠎ᠠ ᠶᠢ ᠤᠷᠢᠳᠴᠢᠯᠠᠨ ᠨᠡᠶᠢᠲᠡᠯᠡᠵᠦ᠂ | ᠡᠭᠦᠨ ᠤ ᠵᠡᠷᠭᠡ ᠳᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠵᠡᠷᠭᠡ ᠬᠥᠮᠥᠨ ᠣᠯᠠᠨ ᠴᠤᠭᠯᠠᠷᠠᠭᠰᠠᠨ ᠣᠷᠣᠨ ᠳᠤ ᠭᠦᠨᠵᠡᠭᠡᠶᠢᠷᠡᠨ᠂ ᠬᠥᠨᠳᠡᠯᠡᠨ ᠪᠢᠴᠢᠭᠡᠰᠦ | ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠡᠯᠧᠺᠲᠷᠣᠨ ᠳᠡᠯᠭᠡᠴᠡ ᠪᠠᠷ ᠨᠡᠪᠲᠡᠷᠡᠭᠦᠯᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠲᠡᠷᠭᠡ ᠬᠦᠯᠢᠶᠡᠬᠦ ᠠᠶᠠᠨᠴᠢᠳ᠂ ᠠᠶᠠᠨᠴᠢᠳ ᠤᠨ ᠲᠡᠭᠡᠭᠡᠪᠦᠷᠢ ᠶᠢᠨ ᠵᠢᠯᠣᠭᠤᠴᠢ ᠵᠡᠷᠭᠡ ᠭᠤᠣᠯᠳᠠᠯᠭ᠎ᠠ ᠲᠠᠢ ᠪᠦᠯᠦᠭ ᠬᠥᠮᠥᠰ ᠲᠤ ᠪᠣᠯᠪᠠᠰᠤᠨ ᠵᠠᠮ ᠬᠠᠷᠢᠯᠴᠠᠭᠠᠨ ᠤ | ᠣᠶᠢᠯᠠᠭᠠᠭᠳᠠᠬᠤᠨ ᠢ ᠪᠥᠬᠦ ᠲᠠᠯ᠎ᠠ ᠪᠠᠷ ᠣᠯᠠᠨ ᠲᠠᠯ᠎ᠠ ᠠᠴᠠ ᠳᠠᠮᠵᠢᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠂ ᠶᠠᠪᠤᠵᠤ | ᠰᠠᠭᠤᠬᠤ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠡᠯ᠎ᠡ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠴᠠᠭᠠᠨ | ᠰᠠᠷ᠎ᠠ ᠶᠢᠨ ᠵᠥᠭᠡᠭᠡᠪᠦᠷᠢ ᠡᠬᠢᠯᠡᠭᠰᠡᠨ ᠲᠤᠬᠠᠢ ᠶᠢᠨ ᠡᠳᠦᠷ ᠲᠤ ᠲᠤᠰ ᠲᠤᠰ ᠬᠠᠷᠢᠶ᠎ᠠ ᠣᠷᠣᠨ ᠳᠤ ᠪᠠᠨ ᠡᠯ᠎ᠡ ᠵᠦᠢᠯ ᠤᠨ ᠬᠡᠯᠪᠡᠷᠢ ᠶᠢᠨ ᠲᠥᠪᠯᠡᠷᠡᠭᠦᠯᠦᠨ ᠤᠬᠠᠭᠤᠯᠬᠤ | ᠠᠵᠢᠯᠯᠠᠭ᠎ᠠ ᠥᠷᠨᠢᠭᠦᠯᠵᠡᠢ᠃ | ᠭᠤᠷᠪᠠ᠂ ᠡᠮᠬᠢ ᠳᠢᠭᠯᠢᠮ ᠢ ᠴᠡᠭᠴᠡᠯᠡᠨ ᠵᠠᠰᠠᠬᠤ ᠶᠢ ᠰᠤᠯᠠᠷᠠᠭᠤᠯᠬᠤ ᠦᠭᠡᠢ | ᠪᠦᠬᠦ ᠴᠠᠭᠳᠠᠭ᠎ᠠ ᠶᠢᠨ ᠬᠢᠨ ︽ᠴᠠᠭᠠᠨ ᠰᠠᠷ᠎ᠠ ᠶᠢᠨ ᠵᠥᠭᠡᠭᠡᠪᠦᠷᠢ ᠶᠢᠨ ᠵᠠᠭᠪᠤᠷ︾ ᠢ ᠡᠬᠢᠯᠡᠭᠦᠯᠬᠦ ᠪᠠᠷ ᠳᠠᠶᠢᠴᠢᠯᠠᠵᠤ᠂ ᠴᠠᠭ ᠢ ᠵᠥᠷᠢᠭᠦᠯᠬᠦ᠂ ᠴᠠᠭ ᠢ | ᠤᠷᠲᠤᠳᠬᠠᠬᠤ᠂ ᠬᠠᠷᠢᠮᠠᠬᠠᠢ ᠴᠢᠨᠠᠷᠲᠠᠢ ᠦᠢᠯᠡᠴᠢᠯᠡᠭᠡᠨ ᠤ ᠵᠠᠭᠪᠤᠷ ᠢᠶᠠᠷ ᠠᠶᠠᠨᠴᠢᠳ ᠤᠨ ᠲᠡᠭᠡᠭᠡᠪᠦᠷᠢ ᠶᠢᠨ ᠲᠠᠯᠠᠪᠤᠷ ᠦᠷᠳᠡᠭᠡ᠂ ᠭᠤᠣᠯᠳᠠᠯᠭ᠎ᠠ ᠲᠠᠢ ᠬᠤᠳᠠᠯᠳᠤᠭᠠᠨ ᠤ | ᠲᠣᠭᠤᠷᠢᠭ ᠵᠡᠷᠭᠡ ᠲᠡᠷᠭᠡ ᠬᠥᠰᠬᠡ ᠨᠢᠭᠲᠠᠷᠠᠨ ᠴᠤᠭᠯᠠᠷᠠᠭᠰᠠᠨ ᠣᠷᠣᠨ ᠪᠦᠰᠡ ᠶᠢᠨ ᠡᠮᠬᠢ ᠳᠢᠭᠯᠢᠮ ᠢ ᠬᠠᠮᠢᠶᠠᠷᠤᠨ ᠡᠵᠡᠮᠳᠡᠬᠦ᠂ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠶᠢ ᠪᠠᠶᠢᠴᠠᠭᠠᠨ ᠵᠠᠯᠠᠷᠠᠭᠤᠯᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠭᠤᠣᠯᠳᠠᠯᠭ᠎ᠠ ᠲᠠᠢ ᠴᠢᠩᠭᠠᠳᠬᠠᠵᠤ᠂ ︽ᠬᠤᠶᠠᠷ ᠠᠶᠠᠨᠴᠢᠨ | ᠨᠢᠭᠡ ᠠᠶᠤᠯ ᠲᠠᠢ ᠨᠢᠭᠡ ᠪᠠᠷᠠᠭ᠎ᠠ︾᠂ ᠬᠥᠳᠡᠭᠡ ᠲᠣᠰᠬᠤᠨ ᠤ ᠮᠣᠬᠤᠯᠠᠭ ᠮᠠᠰᠢᠨ᠂ ︽ᠲᠡᠭᠡᠭᠡᠪᠦᠷᠢ ᠶᠢᠨ ᠲᠡᠷᠭᠡ ᠶᠢ ᠲᠡᠭᠡᠭᠡᠪᠦᠷᠢ ᠶᠢᠨ ᠪᠤᠰᠤ ᠪᠣᠯᠭᠠᠨ | ᠬᠤᠪᠢᠷᠠᠭᠤᠯᠤᠭᠰᠠᠨ︾ ᠲᠣᠮᠣ ᠠᠶᠠᠨᠴᠢᠨ ᠤ ᠮᠠᠰᠢᠨ ᠲᠡᠷᠭᠡ ᠵᠡᠷᠭᠡ ᠭᠤᠣᠯᠳᠠᠯᠭ᠎ᠠ ᠲᠠᠢ ᠲᠡᠷᠭᠡ ᠬᠥᠰᠬᠡ ᠶᠢ ᠬᠠᠤᠯᠢ ᠶᠣᠰᠣᠭᠠᠷ ᠴᠢᠩᠭ᠎ᠠ ᠬᠠᠮᠢᠶᠠᠷᠬᠤ ᠶᠢᠨ ᠬᠠᠮᠲᠤ 手机版office365破解版_365速发国际购彩中心_365提现一般多久到账 | ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠭᠦᠢᠴᠡᠳ ᠠᠰᠢᠭᠯᠠᠨ᠂ ᠬᠠᠤᠯᠢ ᠠᠴᠠ ᠵᠥᠷᠢᠴᠡᠭᠰᠡᠨ ᠲᠡᠷᠭᠡ ᠬᠥᠰᠬᠡ ᠶᠢᠨ ᠲᠤᠭ᠎ᠠ ᠪᠠᠷᠢᠮᠲᠠ ᠶᠢ ᠰᠤᠳᠤᠯᠤᠨ | ᠮᠠᠭᠠᠳᠯᠠᠬᠤ ᠪᠠ ᠨᠠᠷᠢᠯᠢᠭ ᠣᠨᠣᠴᠠᠲᠠᠢ ᠪᠠᠷ ᠴᠣᠬᠢᠯᠲᠠ ᠥᠭᠬᠦ ᠶᠢ ᠴᠢᠩᠭᠠᠳᠬᠠᠵᠤ᠂ ᠡᠯ᠎ᠡ ᠲᠦᠷᠦᠯ ᠤᠨ ᠵᠠᠮ ᠬᠠᠷᠢᠯᠴᠠᠭᠠᠨ ᠤ ᠠᠳᠡᠯ ᠭᠠᠷᠬᠤ ᠶᠢ ᠡᠷᠡᠰ ᠬᠤᠷᠢᠭᠯᠠᠨ᠎ᠠ᠃ | | ᠠᠮᠤᠷ ᠲᠦᠪᠰᠢᠨ ᠪᠣᠯ ᠰᠠᠶ᠋ᠢ ᠭᠡᠷ ᠲᠤ ᠪᠠᠨ ᠬᠠᠷᠢᠬᠤ ᠬᠠᠮᠤᠭ ᠤᠨ ᠣᠶᠢᠷ᠎ᠠ ᠵᠠᠮ ᠮᠥᠨ᠂ ᠥᠷᠭᠡᠨ ᠣᠯᠠᠨ ᠵᠠᠮ ᠬᠠᠷᠢᠯᠴᠠᠭᠠᠨ ᠤ ᠣᠷᠣᠯᠴᠠᠭᠴᠢ ᠭᠠᠳᠠᠭᠰᠢ | ᠭᠠᠷᠬᠤ ᠳᠤ ᠡᠷᠬᠡᠪᠰᠢ ᠵᠠᠮ ᠬᠠᠷᠢᠯᠴᠠᠭᠠᠨ ᠤ ᠳᠦᠷᠢᠮ ᠢ ᠴᠢᠩᠭ᠎ᠠ ᠰᠠᠬᠢᠵᠤ᠂ ᠪᠣᠯᠪᠠᠰᠤᠨ ᠢᠶᠠᠷ ᠵᠠᠮᠨᠠᠬᠤ ᠬᠡᠷᠡᠭᠲᠡᠢ᠃ |