ᠥᠯᠵᠡᠶᠢᠲᠦ ᠡᠳᠦᠷ ᠤᠨ ᠠᠮᠤᠷ ᠢ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠨᠤᠭᠤᠳ ᠢᠳᠡᠪᠬᠢᠲᠡᠶ ᠪᠠᠷ ᠲᠥᠯᠥᠪᠯᠡᠵᠦ᠂ ᠴᠢᠩᠭ᠎ᠠ ᠨᠢᠮᠪᠠᠶ ᠵᠣᠬᠢᠶᠠᠨ ᠪᠠᠶᠢᠭᠤᠯᠵᠤ᠂ ᠥᠷᠭᠡᠨ ᠣᠯᠠᠨ ᠠᠷᠠᠳ ᠤᠨ ᠴᠠᠭᠳᠠᠭ᠎ᠠ | ᠬᠠᠪᠰᠤᠭᠴᠢ ᠴᠠᠭᠳᠠᠭ᠎ᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠦᠷᠭᠦᠯᠵᠢᠯᠡᠨ ᠪᠠᠶᠢᠯᠳᠤᠵᠤ᠂ ᠥᠯᠵᠡᠶᠢᠲᠦ ᠡᠳᠦᠷ ᠤᠨ ᠠᠮᠤᠷ ᠲᠣᠭᠲᠠᠭᠤᠨ ᠢ ᠬᠠᠮᠠᠭᠠᠯᠠᠬᠤ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠣᠯᠠᠨ ᠳᠤ ᠠᠮᠤᠷ ᠲᠠᠶᠢᠪᠤᠩ ᠥᠯᠵᠡᠶ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ | ᠪᠣᠯᠭᠠᠵᠤ ᠥᠭᠭᠦᠭᠰᠡᠨ ᠪᠠᠶᠢᠨ᠎ᠠ᠃ ᠥᠯᠵᠡᠶᠢᠲᠦ ᠡᠳᠦᠷ ᠤᠨ ᠪᠠᠶᠠᠷ ᠤᠨ ᠬᠤᠭᠤᠴᠠᠭᠠᠨ ᠳᠤ᠂ ᠪᠥᠬᠦ ᠣᠷᠣᠨ ᠤ ᠨᠡᠶᠢᠭᠡᠮ ᠤᠨ ᠪᠦᠬᠦ ᠲᠠᠯ᠎ᠠ ᠵᠢᠨ | ᠲᠣᠭᠲᠠᠭᠤᠨ᠂ ᠠᠮᠤᠷ ᠢ ᠬᠠᠮᠠᠭᠠᠯᠠᠬᠤ ᠡᠮᠬᠢ ᠵᠢᠷᠤᠮ ᠰᠠᠶᠢᠨ᠂ ᠵᠠᠮ ᠬᠠᠷᠢᠯᠴᠠᠭᠠᠨ ᠤ ᠠᠮᠤᠷ ᠲᠦᠪᠰᠢᠨ ᠤᠷᠤᠭᠰᠢᠲᠠᠶ ᠪᠠᠶᠢᠵᠤ᠂ ᠪᠥᠬᠦ ᠣᠷᠣᠨ ᠳᠤ ᠠᠮᠤᠷ | ᠲᠦᠪᠰᠢᠨ ᠲᠣᠭᠲᠠᠭᠤᠨ ᠪᠠᠶᠢᠳᠠᠯ ᠳᠤ ᠬᠤᠯᠪᠣᠭᠳᠠᠭᠰᠠᠨ ᠲᠣᠪᠤᠶᠢᠮ᠎ᠠ ᠬᠡᠷᠡᠭ ︵ᠶᠠᠪᠤᠳᠠᠯ︶ ᠭᠠᠷᠤᠭᠰᠠᠨ ᠥᠬᠡᠶ᠃ | | | | | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ | ᠳᠠᠷᠤᠭ᠎ᠠ ᠵᠧᠩ ᠭᠤᠸᠠᠩ ᠵᠣᠣ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ | ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ︽ᠴᠠᠭ ᠢᠮᠠᠭᠲᠠ ᠰᠠᠨᠠᠭ᠎ᠠ ᠠᠮᠤᠷ ᠥᠬᠡᠶ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ | ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠶ ᠨᠠᠶᠢᠳᠠᠪᠤᠷᠢᠵᠢᠭᠤᠯᠵᠤ᠂ ᠪᠥᠬᠦ ᠬᠦᠴᠦᠨ ᠢᠶᠠᠷ ᠢᠶᠠᠨ ᠠᠶᠤᠯ ᠲᠦᠭᠰᠢᠭᠦᠷᠢ ᠶᠢ ᠰᠡᠷᠭᠡᠶᠢᠯᠡᠨ᠂ ᠠᠮᠤᠷ | ᠲᠦᠪᠰᠢᠨ ᠢ ᠪᠠᠲᠤᠯᠠᠵᠤ᠂ ᠲᠣᠭᠲᠠᠭᠤᠨ ᠢ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠤᠳᠤᠷᠢᠳᠬᠤ ᠺᠠᠳ᠋ᠷ ᠠᠵᠢᠯ ᠤᠨ ᠪᠠᠶᠢᠷᠢ ᠳᠤ ᠪᠠᠨ ᠪᠠᠶᠢᠵᠤ᠂ ᠡᠮᠦᠨ᠎ᠡ ᠨᠢ ᠵᠢᠯᠣᠭᠤᠳᠴᠤ᠂ ᠨᠡᠶᠢᠭᠡᠮ ᠤᠨ ᠪᠠᠶᠢᠳᠠᠯ ᠢ ᠪᠦᠬᠦ ᠴᠠᠭ ᠢᠶᠠᠷ ᠲᠤᠬᠢᠷᠠᠭᠤᠯᠤᠨ ᠡᠵᠡᠮᠰᠢᠵᠦ᠂ | ᠨᠢᠭᠡᠳᠦᠭᠡᠷ ᠹᠷᠣᠨᠲ ᠤᠨ ᠬᠦᠴᠦᠨ ᠢ ᠮᠥᠷᠳᠡᠨ ᠵᠢᠯᠣᠭᠤᠳᠴᠤ ᠪᠠᠶᠢᠭᠠᠳ ᠠᠮᠤᠷ ᠢ ᠬᠠᠮᠠᠭᠠᠯᠠᠬᠤ ᠠᠵᠢᠯ ᠢ ᠴᠢᠩᠭᠠᠳᠬᠠᠵᠤ᠂ ᠰᠠᠨᠠᠭᠠᠨ ᠳᠤ ᠦᠭᠡᠢ ᠭᠡᠨᠡᠳᠲᠡ ᠶᠢᠨ | ᠪᠠᠶᠢᠳᠠᠯ ᠢ ᠥᠨᠳᠥᠷ ᠪᠦᠲᠦᠮᠵᠢᠲᠡᠢ ᠰᠡᠷᠭᠡᠶᠢᠯᠡᠨ ᠠᠷᠭᠠᠴᠠᠪᠠ᠃ | | | | | ︽ᠨᠢᠭᠤᠴᠠ ᠮᠡᠳᠡᠭᠡ᠂ ᠵᠢᠯᠤᠭᠤᠳᠤᠯᠭ᠎ᠠ᠂ ᠠᠵᠢᠯᠯᠠᠭ᠎ᠠ︾ ᠶᠢ ᠨᠢᠭᠡ ᠴᠤᠬᠴᠠᠵᠢᠭᠤᠯᠤᠬᠰᠠᠨ ᠠᠵᠢᠯᠯᠠᠭᠠᠨ ᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ | ᠳᠡᠭᠡᠳᠦ ᠲᠡᠰ ᠤᠨ ᠠᠮᠤᠷ ᠢ ᠬᠠᠮᠠᠭᠠᠯᠠᠬᠤ ᠦᠢᠯᠡᠴᠢᠯᠡᠭᠡ ᠶᠢ ᠡᠬᠢᠯᠡᠭᠦᠯᠵᠦ᠂ ᠨᠡᠶᠢᠭᠡᠮ ᠤᠨ ᠲᠠᠯ᠎ᠠ ᠶᠢᠨ ᠪᠦᠬᠦᠯᠢ ᠴᠣᠭᠴᠠ ᠶᠢᠨ ᠰᠡᠷᠭᠡᠶᠢᠯᠡᠯᠲᠡ ᠡᠵᠡᠮᠳᠡᠯ ᠢ | ᠴᠢᠩᠭᠠᠳᠬᠠᠵᠤ᠂ ᠥᠯᠵᠡᠶᠢᠲᠦ ᠡᠳᠦᠷ ᠤᠨ ᠲᠤᠬᠠᠢ ᠶᠢᠨ ᠡᠳᠦᠷ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠡᠶᠢᠳᠡ 3.6 ᠲᠦᠮᠡ ᠭᠠᠷᠤᠢ | ᠬᠥᠮᠦᠨ᠂ 8000 ᠭᠠᠷᠤᠢ ᠴᠠᠭᠳᠠᠭᠠᠨ ᠤ ᠲᠡᠷᠭᠡ ᠶᠢ ᠣᠷᠣᠭᠤᠯᠵᠤ᠂ ᠴᠠᠭᠳᠠᠭ᠎ᠠ ᠶᠢᠨ ᠣᠯᠵᠤ ᠦᠵᠡᠭᠳᠡᠬᠦ ᠨᠤᠷᠮ᠎ᠠ᠂ ᠬᠡᠷᠡᠭ ᠶᠠᠪᠤᠳᠠᠯ ᠢ ᠬᠠᠮᠢᠶᠠᠷᠬᠤ ᠨᠤᠷᠮ᠎ᠠ | ᠪᠣᠯᠤᠨ ᠰᠦᠷᠳᠡᠭᠦᠯᠬᠦ ᠬᠦᠴᠦᠨ ᠢ ᠴᠢᠩᠭᠠᠳᠬᠠᠪᠠ᠃ ᠪᠥᠬᠦ ᠶᠠᠪᠤᠴᠠ ᠳᠤ ᠲᠣᠮᠣ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠶ ᠠᠵᠢᠯᠯᠠᠭ᠎ᠠ ᠶᠢᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠢ ᠬᠠᠮᠠᠭᠠᠯᠠᠬᠤ᠂ ᠴᠢᠬᠤᠯᠠ ᠣᠷᠣᠨ ᠪᠠᠶᠢᠷᠢ ᠶᠢ ᠰᠠᠬᠢᠨ ᠬᠠᠮᠠᠭᠠᠯᠠᠬᠤ᠂ 手机版office365破解版_365速发国际购彩中心_365提现一般多久到账 | ᠭᠠᠳᠠᠭᠤᠷᠬᠢ ᠵᠠᠮ ᠬᠠᠷᠢᠯᠴᠠᠭ᠎ᠠ ᠶᠢ ᠨᠡᠪᠲᠡᠷᠡᠭᠦᠯᠬᠦ ᠵᠡᠷᠭᠡ ᠶᠢ ᠳᠣᠪᠤᠶᠢᠯᠭᠠᠨ᠂ ᠲᠦᠭᠰᠢᠭᠦᠷᠢ ᠶᠢ ᠦᠨᠡᠯᠡᠨ ᠵᠢᠱᠢᠬᠦ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ | ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤ ᠨᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠪᠥᠬᠦ ᠣᠷᠣᠨ ᠤ 49 ᠲᠠᠯᠠᠪᠤᠷ ᠬᠤᠸᠠᠷ ᠫᠤᠤᠵᠢᠩ | ᠲᠠᠯᠪᠢᠬᠤ᠂ 16 ᠲᠠᠯᠠᠪᠤᠷ ᠤᠷᠠᠨ ᠰᠠᠶᠢᠬᠠᠨ ᠤ ᠲᠣᠭᠯᠠᠯᠲᠠ ᠵᠢᠴᠢ ᠰᠦᠮ᠎ᠡ ᠶᠢᠨ ᠴᠤᠭᠯᠠᠭᠠᠨ᠂ ᠳ᠋ᠧᠩ ᠤᠨ ᠴᠤᠭᠯᠠᠭᠠᠨ ᠵᠡᠷᠭᠡ ᠬᠥᠮᠦᠨ ᠣᠯᠠᠨ ᠴᠤᠭᠯᠠᠷᠠᠭᠰᠠᠨ | ᠲᠣᠮᠣ ᠬᠡᠯᠪᠡᠷᠢ ᠶᠢᠨ ᠠᠵᠢᠯᠯᠠᠭ᠎ᠠ ᠶᠢᠨ ᠠᠮᠤᠷ ᠲᠦᠪᠰᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠪᠠ᠃ | ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠤᠳ ᠭᠤᠤᠯ ᠵᠠᠮ | ᠨᠡᠪᠲᠡᠷᠡᠯᠭᠡ ᠶᠢᠨ ᠡᠮᠬᠢ ᠳᠢᠭᠯᠢᠮ ᠤᠨ ᠬᠠᠮᠢᠶᠠᠷᠤᠯᠲᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠣᠷᠣᠨ ᠪᠦᠰᠡ ᠶᠢᠨ ᠦᠢᠯᠡᠴᠢᠯᠡᠭᠡᠨ ᠤ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠦᠨ᠂ ᠲᠡᠷᠭᠡ ᠵᠣᠭᠰᠣᠬᠤ ᠡᠬᠢ ᠪᠠᠶᠠᠯᠢᠭ ᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠲᠦᠷ ᠴᠠᠭ ᠤᠨ ᠲᠡᠷᠭᠡ ᠵᠣᠭᠰᠣᠬᠤ ᠭᠠᠵᠠᠷ ᠢ ᠨᠡᠮᠡᠨ | ᠪᠠᠶᠢᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠪᠠ ᠲᠡᠷᠭᠡ ᠵᠣᠭᠰᠣᠬᠤ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠪᠠ᠃ | ᠴᠢᠬᠤᠯᠠ ᠴᠠᠭ ᠬᠤᠭᠤᠴᠠᠭ᠎ᠠ᠂ ᠵᠠᠮ ᠤᠨ ᠬᠡᠰᠡᠭ ᠢ ᠴᠢᠩᠭ᠎ᠠ ᠠᠵᠢᠭᠯᠠᠵᠤ᠂ ᠠᠷᠢᠬᠢ ᠤᠤᠭᠤᠵᠤ ᠲᠡᠷᠭᠡ ᠵᠢᠯᠣᠭᠤᠳᠬᠤ᠂ ᠬᠤᠣᠷ ᠲᠠᠲᠠᠵᠤ ᠲᠡᠷᠭᠡ ᠵᠢᠯᠣᠭᠤᠳᠬᠤ᠂ | ᠠᠴᠢᠶ᠎ᠠ ᠪᠠ ᠬᠥᠮᠦᠨ ᠤ ᠲᠤᠭ᠎ᠠ ᠠᠴᠠ ᠬᠡᠲᠦᠷᠡᠭᠦᠯᠬᠦ᠂ ᠶᠠᠳᠠᠷᠠᠭᠤ ᠪᠠᠷ ᠲᠡᠷᠭᠡ ᠵᠢᠯᠣᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠯ᠎ᠡ ᠵᠦᠢᠯ ᠤᠨ ᠲᠠᠪᠴᠠᠩ ᠢᠶᠠᠷ ᠳᠠᠮᠵᠢᠭᠤᠯᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠡᠮᠵᠢ ᠶᠢᠨ ᠮᠡᠳᠡᠭᠡ | ᠵᠠᠩᠭᠢ ᠶᠢ ᠴᠠᠭ ᠲᠤᠬᠠᠶ ᠳᠤ ᠨᠢ ᠬᠦᠷᠭᠡᠵᠦ᠂ ᠬᠦᠨᠳᠦ ᠣᠨᠴᠠ ᠶᠡᠭᠡ ᠵᠠᠮ ᠬᠠᠷᠢᠯᠴᠠᠭᠠᠨ ᠤ ᠠᠳᠡᠯ ᠭᠠᠷᠬᠤ ᠶᠢ ᠪᠦᠲᠦᠮᠵᠢᠲᠡᠶ ᠪᠠᠷ ᠰᠡᠷᠭᠡᠶᠢᠯᠡᠨ ᠬᠤᠷᠢᠭᠯᠠᠪᠠ᠃ | ᠥᠯᠵᠡᠶᠢᠲᠦ ᠡᠳᠦᠷ ᠤᠨ ᠬᠤᠭᠤᠴᠠᠭᠠᠨ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠡᠯ᠎ᠡ ᠵᠦᠢᠯ ᠤᠨ ᠰᠠᠬᠢᠯᠭ᠎ᠠ ᠪᠠᠲᠤ | ᠲᠣᠭᠲᠠᠭᠠᠯ ᠪᠠ ᠳᠣᠲᠣᠭᠠᠳᠤ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠴᠠᠭᠳᠠᠭᠠᠨ ᠤ ᠲᠦᠷᠢᠮ ᠲᠣᠭᠲᠠᠭᠠᠯ ᠢ ᠴᠢᠩᠳᠠᠯᠠᠵᠤ᠂ | ᠵᠢᠵᠢᠭᠦᠷᠯᠡᠵᠦ ᠪᠡᠯᠡᠳᠬᠡᠬᠦ ᠪᠠ ᠤᠳᠤᠷᠢᠳᠤᠯᠭ᠎ᠠ ᠡᠭᠡᠯᠵᠢ ᠳᠠᠭᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠤᠯᠢ ᠶᠢ ᠴᠢᠩᠭ᠎ᠠ ᠵᠢᠷᠤᠮᠵᠢᠭᠤᠯᠤᠨ | ᠪᠣᠯᠪᠠᠰᠤᠨ ᠢᠶᠠᠷ ᠬᠡᠷᠡᠭᠵᠢᠭᠦᠯᠪᠡ᠃ ᠪᠥᠬᠦ ᠣᠷᠣᠨ ᠤ ᠥᠷᠭᠡᠨ ᠣᠯᠠᠨ ᠠᠷᠠᠳ ᠤᠨ ᠴᠠᠭᠳᠠᠭ᠎ᠠ ᠬᠠᠪᠰᠤᠭᠴᠢ ᠴᠠᠭᠳᠠᠭ᠎ᠠ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ | ᠭᠦᠢᠴᠡᠳᠬᠡᠵᠦ ︽ᠠᠷᠠᠳ ᠢᠷᠭᠡᠳ ᠪᠠᠶᠠᠷ ᠤᠨ ᠡᠳᠦᠷ ᠢᠶᠠᠨ ᠥᠩᠭᠡᠷᠡᠭᠦᠯᠵᠦ᠂ ᠳᠣᠲᠣᠭᠠᠳᠤ ᠶᠢ ᠬᠠᠮᠠᠭᠠᠯᠠᠭᠴᠢ ᠬᠠᠷᠠᠭᠤᠯ ᠵᠣᠭᠰᠣᠬᠤ︾ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ︽ᠲᠠᠪᠤᠨ ᠲᠡᠷᠢᠭᠦᠨ ᠳᠡᠰ︾ ᠤᠨ ᠡᠩᠨᠡᠭᠡ ᠶᠢᠨ ᠳᠦᠷᠢ ᠲᠥᠷᠬᠦ ᠶᠢ ᠭᠦᠢᠴᠡᠳ ᠢᠯᠡᠷᠡᠭᠦᠯᠵᠦ᠂ ᠥᠯᠵᠡᠶᠢᠲᠦ ᠡᠳᠦᠷ ᠤᠨ | ᠠᠮᠤᠷ ᠢ ᠬᠠᠮᠠᠭᠠᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ |