ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠬᠤ᠂ ᠬᠥᠬᠡᠮᠥ᠋ᠷᠡᠨ ᠤ ᠶᠡᠭᠡ ᠬᠠᠮᠠᠭᠠᠯᠠᠯᠲᠠ ᠶᠢᠨ ᠪᠠᠶᠢᠯᠳᠤᠬᠤ | ᠪᠣᠳᠣᠯᠭ᠎ᠠ ᠶᠢᠨ ᠬᠡᠷᠡᠭᠵᠢᠭᠦᠯᠦᠯᠲᠡ ᠶᠢ ᠬᠦᠴᠦᠲᠡᠶ ᠪᠠᠳᠤᠯᠠᠬᠤ ᠶᠢᠨ ᠲᠦᠯᠦᠭᠡ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠱᠠᠩᠬᠠᠶ᠂ ᠵᠢᠶᠠᠩᠰᠦ᠂ ᠵᠧᠵᠢᠶᠠᠩ᠂ ᠠᠨᠾᠦ᠋ᠢ᠂ | ᠵᠢᠶᠠᠩᠰᠢ᠂ ᠬᠤᠪᠸᠢ᠂ ᠬᠤᠨᠠᠨ᠂ ᠴᠦᠩᠴᠢᠩ᠂ ᠰᠧᠴᠤᠸᠠᠨ᠂ ᠭᠦᠢᠵᠧᠦ᠂ ᠶᠦᠨᠨᠠᠨ ᠵᠡᠷᠭᠡ ᠬᠥᠬᠡᠮᠥ᠋ᠷᠡᠨ ᠤ ᠰᠠᠪᠠ ᠭᠠᠵᠠᠷ ᠤᠨ 11 ᠮᠤᠵᠢ ︵ᠬᠤᠳᠠ︶ ᠪᠣᠯᠤᠨ | ᠬᠥᠬᠡᠮᠥ᠋ᠷᠡᠨ ᠤ ᠤᠰᠤᠨ ᠵᠠᠮ ᠤᠨ ᠲᠡᠭᠡᠭᠡᠪᠦᠷᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠬᠥᠬᠡᠮᠥ᠋ᠷᠡᠨ ᠤ ᠬᠠᠤᠯᠢ ᠪᠤᠰᠤ ᠪᠠᠷ | ᠡᠯᠡᠰᠦ ᠮᠠᠯᠲᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠪᠡ᠃ ᠡᠯᠡᠰᠦᠨ ᠳᠤ ᠬᠤᠯᠪᠣᠭᠳᠠᠭᠰᠠᠨ ᠶᠠᠯᠠᠲᠤ | ᠠᠵᠢᠯᠯᠠᠭ᠎ᠠ ᠳᠤ ᠦᠷᠭᠦᠯᠵᠢᠯᠡᠨ ᠰᠢᠷᠦᠭᠦᠨ ᠲᠠᠭᠠᠷᠢᠯᠲᠠ ᠶᠠᠪᠤᠭᠤᠯᠵᠤ᠂ 2022 ᠣᠨ ᠳᠤ ᠡᠶᠢᠮᠦᠷᠬᠦ ᠬᠡᠷᠡᠭ ᠢ 270 ᠭᠠᠷᠤᠶ ᠲᠠᠩᠨᠠᠨ ᠢᠯᠡᠷᠡᠭᠦᠯᠵᠦ᠂ ᠬᠥᠬᠡᠮᠥ᠋ᠷᠡᠨ ᠤ | ᠤᠰᠤᠨ ᠣᠷᠣᠨ ᠤ ᠬᠡᠪᠴᠢᠶᠡᠲᠦ ᠴᠢᠨᠠᠷᠲᠠᠶ ᠬᠠᠤᠯᠢ ᠪᠤᠰᠤ ᠪᠠᠷ ᠡᠯᠡᠰᠦ ᠮᠠᠯᠲᠠᠬᠤ ᠶᠠᠯᠠᠲᠤ ᠠᠵᠢᠯᠯᠠᠭ᠎ᠠ ᠶᠢ ᠪᠦᠲᠦᠮᠵᠢᠲᠡᠶ ᠪᠠᠷ ᠬᠤᠷᠢᠭᠯᠠᠨ ᠵᠣᠭᠰᠣᠭᠠᠪᠠ᠃ | ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠮᠥᠷᠡᠨ ᠳᠠᠭᠠᠤ ᠶᠢᠨ ᠡᠯ᠎ᠡ ᠭᠠᠵᠠᠷ ᠪᠣᠯᠤᠨ ᠬᠥᠬᠡᠮᠥ᠋ᠷᠡᠨ ᠤ | ᠤᠰᠤᠨ ᠵᠠᠮ ᠤᠨ ᠲᠡᠭᠡᠭᠡᠪᠦᠷᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠥᠭᠡᠷᠡᠴᠢᠯᠡᠬᠦ᠂ ᠮᠠᠯᠲᠠᠬᠤ᠂ ᠴᠢᠷᠬᠦ᠂ ᠵᠥᠭᠡᠭᠡᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ︾ | ᠵᠡᠷᠭᠡ ᠡᠯᠡᠰᠦ ᠮᠠᠯᠲᠠᠭᠰᠠᠨ ᠭᠤᠤᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠵᠣᠬᠢᠶᠠᠨ ᠪᠠᠶᠢᠭᠤᠯᠤᠯᠴᠠᠭᠰᠠᠨ᠂ ᠪᠦᠯᠦᠭᠵᠢᠭᠰᠡᠨ᠂ ᠬᠠᠷ᠎ᠠ ᠬᠠᠷᠬᠢᠰᠴᠢᠯᠠᠨ | ᠬᠠᠤᠯᠢ ᠪᠤᠰᠤ ᠪᠠᠷ ᠡᠯᠡᠰᠦ ᠮᠠᠯᠲᠠᠭᠰᠠᠨ ᠭᠤᠤᠯᠳᠠᠯᠭ᠎ᠠ ᠲᠠᠢ ᠬᠡᠷᠡᠭ ᠵᠢᠴᠢ ᠬᠡᠰᠡᠭ ᠭᠤᠤᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠦᠨ᠂ | ᠲᠤᠰᠬᠠᠶ ᠬᠡᠷᠡᠭ ᠢᠶᠠᠷ ᠲᠠᠩᠨᠠᠨ ᠰᠢᠢᠳᠪᠦᠷᠢᠯᠡᠬᠦ᠂ ᠣᠨᠳᠣᠤ ᠭᠠᠵᠠᠷ ᠲᠤ ᠬᠢᠨᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ᠂ ᠨᠢᠭᠤᠭᠳᠠᠮᠠᠯ ᠬᠡᠷᠡᠭ ᠪᠠ ᠳᠠᠷᠤᠭᠳᠠᠮᠠᠯ | ᠬᠡᠷᠡᠭ ᠢ ᠭᠦᠨ ᠮᠦᠷᠳᠡᠵᠦ᠂ ᠬᠠᠤᠯᠢ ᠪᠤᠰᠤ ᠪᠠᠷ ᠡᠯᠡᠰᠦ ᠮᠠᠯᠲᠠᠭᠰᠠᠨ ᠶᠠᠯᠠᠲᠤ ᠡᠲᠡᠭᠡᠳ ᠢ ᠬᠠᠤᠯᠢ ᠶᠣᠰᠣᠭᠠᠷ ᠴᠢᠩᠭ᠎ᠠ ᠰᠢᠢᠳᠭᠡᠪᠡ᠃ 2022 ᠣᠨ ᠳᠤ | ᠥᠷᠨᠢᠭᠦᠯᠦᠭᠰᠡᠨ ᠲᠤᠰᠬᠠᠶ ᠠᠵᠢᠯᠯᠠᠭ᠎ᠠ ᠶᠢᠨ ᠳᠤᠮᠳᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ 90 ᠭᠠᠷᠤᠶ ᠶᠠᠯᠠᠲᠤ ᠪᠦᠯᠦᠭ ᠢ ᠴᠣᠬᠢᠨ ᠰᠦᠢᠷᠡᠭᠦᠯᠵᠦ᠂ ᠬᠠᠤᠯᠢ | ᠪᠤᠰᠤ ᠪᠠᠷ ᠡᠯᠡᠰᠦ ᠮᠠᠯᠲᠠᠭᠰᠠᠨ᠂ ᠡᠯᠡᠰᠦ ᠲᠡᠭᠡᠭᠡᠪᠦᠷᠢᠯᠡᠭᠰᠡᠨ 190 ᠭᠠᠷᠤᠶ ᠣᠩᠭᠤᠴᠠ ᠰᠠᠯ ᠢ ᠪᠠᠶᠢᠴᠠᠭᠠᠨ ᠦᠯᠡᠳᠡᠭᠡᠵᠦ᠂ ᠬᠡᠷᠡᠭ ᠲᠤ ᠬᠤᠯᠪᠣᠭᠳᠠᠭᠰᠠᠨ 220 | ᠭᠠᠷᠤᠶ ᠲᠦᠮᠡᠨ ᠲᠣᠨ ᠮᠥᠷᠡᠨ ᠤ ᠡᠯᠡᠰᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 3.2 ᠳ᠋ᠦᠩᠰᠢᠭᠤᠷ ᠲᠥᠭᠦᠷᠢᠭ ᠢ ᠪᠠᠶᠢᠴᠠᠭᠠᠨ ᠳᠣᠲᠣᠯᠠᠵᠤ᠂ | ᠡᠶᠢᠮᠦᠷᠬᠦ ᠶᠠᠯᠠᠲᠤ ᠠᠵᠢᠯᠯᠠᠭ᠎ᠠ ᠳᠤ ᠬᠦᠴᠦᠲᠡᠶ ᠰᠦᠷᠳᠡᠭᠦᠯᠦᠯ ᠪᠣᠯᠵᠣ᠂ 2022 ᠣᠨ ᠤ ᠵᠢᠯ ᠰᠠᠷ᠎ᠠ ᠶᠢᠨ ᠡᠷᠡᠭᠦᠤ ᠶᠢᠨ ᠬᠡᠷᠡᠭ ᠭᠠᠷᠤᠭᠰᠠᠨ ᠳᠤᠮᠳᠠᠴᠢ ᠲᠤᠭ᠎ᠠ ᠨᠢ | ᠠᠳᠠᠯᠢ ᠬᠤᠭᠤᠴᠠᠭᠠᠨ ᠤ ᠬᠢ ᠠᠴᠠ 36% ᠪᠠᠷ ᠪᠠᠭᠤᠷᠠᠪᠠ᠃ | ᠳᠣᠲᠣᠭᠠᠳᠤ ᠶᠢ ᠬᠠᠮᠠᠭᠠᠯᠠᠬᠤ ᠶᠠᠮᠤᠨ ︽ᠬᠥᠬᠡᠮᠥ᠋ᠷᠡᠨ ᠤ ᠶᠡᠭᠡ ᠬᠠᠮᠠᠭᠠᠯᠠᠯᠲᠠ︾ ᠶᠢᠨ 24 ᠴᠠᠭ ᠤᠨ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠭᠠᠷᠭᠠᠵᠤ᠂ 手机版office365破解版_365速发国际购彩中心_365提现一般多久到账 | ᠤᠯᠠᠨ ᠲᠦᠮᠡᠨ ᠤ ᠡᠯᠡᠰᠦᠨ ᠳᠤ ᠬᠤᠯᠪᠣᠭᠳᠠᠭᠰᠠᠨ ᠪᠦᠲᠦᠮᠵᠢᠲᠡᠢ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠨᠢᠭᠡᠳ ᠨᠢᠭᠡ ᠪᠠᠷ ᠬᠢᠨᠠᠨ ᠪᠠᠶᠢᠴᠠᠭᠠᠬᠤ ᠶᠢ | ᠨᠠᠶᠢᠳᠠᠪᠤᠷᠢᠵᠢᠭᠤᠯᠵᠤ᠂ ᠮᠥᠷᠡᠨ ᠳᠠᠭᠠᠤ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠥᠬᠡᠮᠥ᠋ᠷᠡᠨ ᠤ ᠡᠯᠡᠰᠦᠨ ᠳᠤ ᠬᠤᠯᠪᠣᠭᠳᠠᠭᠰᠠᠨ 37 ᠬᠡᠷᠡᠭ ᠢ | ᠠᠮᠵᠢᠯᠲᠠ ᠲᠠᠢ ᠳᠡᠩᠨᠡᠨ ᠢᠯᠡᠷᠡᠭᠦᠯᠵᠦ᠂ ᠳᠠᠯᠳᠠ ᠳᠠᠷᠤᠭᠳᠠᠮᠠᠯ 96 ᠬᠡᠷᠡᠭ ᠢ ᠢᠯᠡᠷᠡᠭᠦᠯᠬᠦ ᠶᠢ ᠤᠨᠢᠨ ᠳᠡᠭᠡᠷ᠎ᠡ ᠨᠢ ᠵᠢᠭᠠᠨ ᠵᠢᠯᠣᠭᠤᠳᠪᠠ᠃ ᠡᠭᠦᠨ ᠤ ᠬᠠᠮᠲᠤ᠂ ᠤᠰᠤᠨ | ᠠᠰᠢᠭᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠡᠬᠢ ᠡᠭᠦᠰᠦᠯ ᠠᠴᠠ ᠨᠢ ᠵᠠᠰᠠᠬᠤ ᠶᠢ | ᠴᠢᠩᠭᠠᠳᠬᠠᠵᠤ᠂ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠠᠤᠯᠢ ᠪᠤᠰᠤ ᠪᠠᠷ ᠡᠯᠡᠰᠦ ᠮᠠᠯᠲᠠᠭᠰᠠᠨ ᠶᠠᠯᠠᠲᠤ ᠠᠵᠢᠯᠯᠠᠭ᠎ᠠ ᠶᠢᠨ ᠡᠭᠦᠰᠦᠭᠰᠡᠨ ᠡᠬᠢ | ᠡᠭᠦᠰᠦᠯ ᠢ ᠴᠡᠪᠡᠷᠯᠡᠨ ᠠᠷᠢᠯᠭᠠᠪᠠ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠴᠣᠬᠢᠯᠲᠠ ᠥᠭᠬᠦ ᠪᠠ ᠰᠡᠷᠭᠡᠶᠢᠯᠡᠬᠦ ᠶᠢ ᠵᠡᠷᠭᠡᠪᠡᠷ ᠠᠳᠬᠤᠵᠤ᠂ ᠴᠣᠬᠢᠯᠲᠠ ᠥᠭᠬᠦ ᠪᠠᠷ ᠵᠠᠰᠠᠬᠤ ᠶᠢ ᠠᠬᠢᠭᠤᠯᠬᠤ︾ ᠰᠡᠳᠬᠢᠴᠡ ᠪᠠᠷ᠂ | ᠳᠡᠭᠡᠳᠦ ᠳᠣᠣᠷᠠᠳᠤ ᠤᠷᠤᠰᠬᠠᠯ᠂ ᠵᠡᠭᠦᠨ ᠪᠠᠷᠠᠭᠤᠨ ᠡᠷᠭᠢ᠂ ᠭᠤᠣᠯ ᠰᠠᠯᠪᠤᠷᠢ ᠤᠷᠤᠰᠬᠠᠯ ᠤᠨ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠬᠥᠬᠡᠮᠥ᠋ᠷᠡᠨ ᠤ | ᠡᠯᠡᠰᠦᠨ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠦᠷᠭᠦᠯᠵᠢᠯᠡᠨ ᠪᠠᠲᠤᠯᠠᠵᠤ᠂ | ᠬᠠᠤᠯᠢ ᠪᠤᠰᠤ ᠪᠠᠷ ᠣᠩᠭᠤᠴᠠ ᠰᠠᠯ ᠢ ᠥᠭᠡᠷᠡᠴᠢᠯᠡᠨ ᠤᠭᠰᠠᠷᠠᠭᠰᠠᠨ᠂ ᠬᠤᠯᠠᠭᠠᠶᠢᠯᠠᠨ ᠮᠠᠯᠲᠠᠭᠰᠠᠨ᠂ ᠴᠢᠷᠦᠭᠰᠡᠨ᠂ ᠵᠥᠭᠡᠭᠡᠪᠦᠷᠢᠯᠡᠭᠰᠡᠨ᠂ ᠪᠣᠷᠣᠯᠠᠭᠤᠯᠤᠭᠰᠠᠨ᠂ | ᠬᠡᠷᠡᠭᠯᠡᠭᠰᠡᠨ ᠭᠠᠵᠠᠷ ᠳᠣᠣᠷᠠᠬᠢ ᠠᠵᠤ ᠦᠢᠯᠡᠰ ᠤᠨ ᠬᠡᠯᠬᠢᠶ᠎ᠡ ᠶᠢ ᠡᠷᠡᠰ ᠲᠠᠰᠤᠯᠵᠤ᠂ ᠬᠥᠬᠡᠮᠥ᠋ᠷᠡᠨ ᠤ ᠠᠮᠢ ᠠᠬᠤᠢ ᠶᠢᠨ ᠠᠮᠤᠷ ᠲᠦᠪᠰᠢᠨ᠂ ᠤᠰᠤᠨ ᠵᠠᠮ ᠤᠨ ᠠᠮᠤᠷ | ᠲᠦᠪᠰᠢᠨ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠬᠥᠬᠡᠮᠥ᠋ᠷᠡᠨ ᠤ ᠶᠡᠭᠡ ᠬᠠᠮᠠᠭᠠᠯᠠᠯᠲᠠ ᠳᠤ ᠦᠨᠡᠨ ᠬᠦ ᠬᠦᠴᠦᠲᠡᠢ | ᠪᠠᠲᠤᠯᠠᠭ᠎ᠠ ᠬᠠᠩᠭᠠᠪᠠ᠃ | |