ᠰᠢᠨ᠎ᠡ ᠴᠠᠭ ᠦᠶ᠎ᠡ ᠶᠢᠨ ᠯᠧᠢ ᠹᠧᠩ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ ᠪᠠᠷᠠᠭᠤᠨ ᠦᠵᠦᠮᠦᠴᠢᠨ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶ᠎ᠠ ᠨᠠᠮ ᠤᠨ ᠡᠭᠦᠷ ᠤᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ | ᠵᠣᠬᠢᠶᠠᠨ ᠪᠠᠶᠢᠭᠤᠯᠵᠤ ᠣᠷᠴᠢᠨ ᠲᠣᠭᠤᠷᠢᠨ ᠢᠶᠠᠨ ᠴᠡᠪᠡᠷᠯᠡᠬᠦ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠪᠡ᠃ | | | | ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠤᠭ ᠲᠡᠭᠦᠬᠦ ᠬᠠᠪᠴᠢᠭᠤᠷ᠂ ᠬᠤᠭ ᠤᠨ ᠤᠭᠤᠲᠠ ᠵᠡᠷᠭᠡ ᠪᠠᠭᠠᠵᠢ ᠶᠢ | ᠠᠪᠴᠤ ᠵᠣᠬᠢᠶᠠᠮᠠᠯ ᠨᠠᠭᠤᠷ ᠤᠨ ᠬᠠᠰᠢᠯᠭ᠎ᠠ ᠶᠢ ᠬᠠᠮᠠᠭᠠᠯᠠᠬᠤ ᠬᠤᠶᠠᠷ ᠡᠷᠭᠢ ᠶᠢᠨ ᠬᠥᠭᠡᠰᠦᠷᠬᠡᠭ ᠰᠦᠯᠢᠶᠣᠣ ᠤᠭᠤᠲᠠ ᠂ ᠴᠠᠭᠠᠰᠤᠨ ᠦᠷᠦᠪᠳᠡᠰᠦ ᠵᠡᠷᠭᠡ | ᠠᠮᠢᠳᠤᠷᠠᠯ ᠤᠨ ᠬᠤᠭ ᠨᠣᠪᠰᠢ ᠶᠢ ᠴᠡᠪᠡᠷᠯᠡᠬᠦ ᠶᠢᠨ ᠬᠠᠮᠲᠤ ᠣᠶᠢᠷ᠎ᠠ ᠬᠠᠪᠢ ᠶᠢᠨ ᠰᠠᠭᠤᠭᠠᠯᠢ ᠠᠷᠠᠳ ᠲᠤ ᠭᠤᠤᠯ ᠬᠠᠮᠠᠭᠠᠯᠠᠬᠤ ᠤᠬᠠᠭᠤᠯᠭ᠎ᠠ ᠥᠷᠨᠢᠭᠦᠯᠵᠦ | ᠠᠷᠠᠳ ᠤᠨ ᠭᠤᠤᠯ ᠮᠥᠷᠡᠨ ᠤ ᠵᠠᠰᠠᠯᠲᠠ ᠳᠤ ᠣᠷᠣᠯᠴᠠᠬᠤ ᠢᠳᠡᠪᠬᠢᠵᠢᠯ ᠢ ᠬᠥᠭᠵᠢᠭᠡᠪᠡ᠃ | | | | ᠲᠤᠰ ᠤᠳᠠᠭᠠᠨ ᠤ ᠠᠵᠢᠯᠯᠠᠭ᠎ᠠ ᠨᠢ ᠪᠣᠬᠢᠷᠲᠤᠯ ᠦᠭᠡᠶ ᠣᠷᠴᠢᠨ ᠠᠬᠤᠶ ᠶᠢ ᠬᠠᠮᠠᠭᠠᠯᠠᠬᠤ ᠪᠣᠯᠪᠠᠰᠤᠨ ᠤ ᠣᠶᠢᠯᠠᠭᠠᠭᠳᠠᠬᠤᠨ ᠢ ᠳᠠᠮᠵᠢᠭᠤᠯᠵᠤ᠂ ᠪᠦᠬᠦ | ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠣᠳᠠᠲᠤ ᠠᠵᠢᠯᠯᠠᠭ᠎ᠠ ᠪᠠᠷ ᠢᠶᠠᠨ ᠥᠷᠭᠡᠨ ᠣᠯᠠᠨ ᠲᠦᠮᠡᠨ ᠢ ᠳᠠᠶᠢᠴᠢᠯᠠᠨ ᠣᠷᠴᠢᠨ ᠠᠬᠤᠶ ᠶᠢ ᠬᠠᠮᠲᠤ ᠪᠠᠷ | ᠬᠠᠮᠠᠭᠠᠯᠠᠪᠠ᠃ ᠣᠯᠠᠨ ᠢᠶᠠᠷ ᠢᠶᠠᠨ ᠥᠪᠡᠷ ᠤᠨ ᠪᠡᠶ᠎ᠡ ᠠᠴᠠ ᠪᠠᠨ ᠡᠬᠢᠯᠡᠨ ᠭᠤᠣᠯ ᠤᠨ ᠬᠥᠪᠡᠭᠡᠨ ᠳᠤ ᠬᠤᠭ ᠨᠣᠪᠰᠢ ᠬᠠᠶᠠᠬᠤ ᠵᠡᠷᠭᠡ ᠪᠣᠯᠪᠠᠰᠤᠨ ᠪᠤᠰᠤ ᠦᠢᠯᠡ | ᠠᠵᠢᠯᠯᠠᠭ᠎ᠠ ᠶᠢ ᠲᠡᠪᠴᠢᠵᠦ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠵᠡᠭᠡᠪᠡ᠃ |