| 1 ᠳ᠋ᠤᠬᠡᠷ ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠨᠡᠶᠢᠭᠡᠮ ᠤᠨ | ᠬᠠᠮᠢᠶᠠᠷᠤᠯᠳᠠ ᠶᠢᠨ ᠲᠣᠪᠴᠢᠶ᠎ᠠ ᠶᠢᠨ ᠨᠠᠮ ᠤᠨ ᠡᠭᠦᠷ ᠤᠨ ᠬᠢᠨ ᠥᠪᠥᠷ ᠮᠣᠩᠭᠤᠯ ᠤᠨ ᠣᠶᠤᠲᠠᠳ ᠤᠨ ᠦᠢᠯᠡᠰ | ᠪᠤᠰᠬᠠᠬᠤ ᠨᠡᠶᠢᠬᠡᠮᠯᠢᠭ ᠲᠤ ᠬᠦᠷᠴᠤ᠂ ︽ᠬᠥᠭᠦᠷᠭᠡ ᠬᠤᠯᠪᠤᠭᠠᠰᠤ ᠶᠢᠨ ᠦᠢᠯᠡᠳᠦᠯ ᠢᠶᠠᠨ ᠦᠵᠡᠭᠦᠯᠵᠦ᠂ ᠠᠵᠢᠯ | ᠤᠯᠭᠤᠯᠳᠠ ᠦᠢᠯᠡᠰ ᠪᠤᠰᠠᠬᠬᠤ ᠳᠤ ᠬᠦᠴᠦᠨ ᠨᠡᠮᠡᠷᠢᠯᠡᠬᠦ︾ ᠲᠤᠬᠠᠢ ᠰᠤᠳᠤᠯᠤᠨ ᠶᠠᠷᠢᠯᠴᠠᠬᠤ ᠭᠤᠤᠯ ᠰᠡᠳᠦᠪᠲᠦ | ᠨᠠᠮ ᠤᠨ ᠡᠳᠦᠷ ᠤᠨ ᠠᠵᠢᠯᠯᠠᠭ᠎ᠠ ᠦᠷᠨᠢᠬᠦᠯᠵᠡᠢ᠃ ᠥᠪᠥᠷ ᠮᠣᠩᠭᠤᠯ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ | ᠬᠥᠩ ᠸᠧᠢ ᠴᠦᠨ ᠨᠥᠬᠦᠷ ᠠᠵᠢᠯᠯᠠᠭ᠎ᠠ ᠳᠤ ᠣᠷᠣᠯᠴᠠᠵᠠᠢ᠃ | ᠨᠠᠮ ᠤᠨ ᠡᠭᠦᠷ ᠤᠨ ᠬᠢᠨ ᠥᠪᠥᠷ ᠮᠣᠩᠭᠤᠯ ᠤᠨ ᠣᠶᠤᠲᠠᠳ ᠤᠨ ᠦᠢᠯᠡᠰ ᠪᠤᠰᠬᠠᠬᠤ ᠨᠡᠶᠢᠬᠡᠮᠯᠢᠭ ᠤᠨ ᠬᠢᠨ ᠤ | ᠤᠷᠴᠢᠮ ᠤᠨ ᠵᠢᠯ ᠤᠨ ᠥᠷᠨᠢᠭᠦᠯᠦᠭᠰᠡᠨ ᠠᠵᠢᠯᠯᠠᠭ᠎ᠠ ᠶᠢᠨ ᠲᠠᠨᠢᠯᠴᠠᠭᠤᠯᠭ᠎ᠠ ᠶᠢ ᠲᠣᠭᠤᠷᠢᠨ ᠦᠵᠡᠪᠡ᠃ ᠨᠡᠶᠢᠬᠡᠮᠯᠢᠭ | ᠤᠨ ᠳᠠᠷᠤᠭ᠎ᠠ ᠶᠠᠩ ᠰᠧᠨ ᠣᠶᠤᠲᠠᠳ ᠤᠨ ᠦᠢᠯᠡᠰ ᠪᠤᠰᠬᠠᠬᠤ ᠨᠡᠶᠢᠬᠡᠮᠯᠢᠭ ᠤᠨ ᠵᠣᠬᠢᠶᠠᠨ ᠪᠠᠶᠢᠭᠤᠯᠤᠯᠲᠠ ᠶᠢᠨ | ᠪᠦᠲᠦᠴᠡ᠂ ᠲᠠᠷᠬᠠᠯᠲᠠ ᠪᠠ ᠭᠤᠣᠯ ᠡᠭᠦᠷᠭᠡ ᠴᠢᠳᠠᠪᠬᠢ ᠶᠢ ᠲᠠᠨᠢᠯᠴᠠᠭᠤᠯᠪᠠ᠃ ᠡᠨᠡ ᠬᠦ ᠨᠡᠶᠢᠬᠡᠮᠯᠢᠭ ᠤᠨ ᠭᠡᠰᠢᠭᠦᠨ | ᠨᠢᠬᠡᠴᠢ ᠪᠦᠬᠦ ᠣᠷᠣᠨ ᠤ 12 ᠠᠶᠢᠮᠠᠭ ᠬᠤᠲᠠ ᠳᠤ ᠲᠠᠷᠬᠠᠵᠤ᠂ ᠤᠷᠴᠢᠮ ᠤᠨ 5 ᠵᠢᠯ ᠳᠤ ︽ᠲᠠᠷᠬᠠᠯᠲᠠ ᠥᠷᠭᠡᠨ | ᠂ ᠣᠯᠠᠨ ᠭᠠᠵᠠᠷ ᠲᠠᠢ ᠬᠤᠯᠪᠤᠭᠠᠯᠠᠬᠰᠠᠨ᠂ ᠡᠬᠢ ᠪᠠᠶᠠᠯᠢᠭ ᠡᠯᠪᠡᠭ︾ ᠣᠨᠴᠠᠯᠢᠭ ᠢᠶᠠᠨ ᠭᠦᠢᠴᠡᠳ ᠪᠠᠳᠠᠷᠠᠭᠤᠯᠵᠤ᠂ | ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠪᠠᠷ ᠪᠠᠷᠢᠴᠨ ᠪᠣᠯᠭᠠᠵᠤ᠂ ᠠᠵᠢᠯ ᠤᠯᠭᠤᠵᠤ ᠦᠢᠯᠡᠰ ᠪᠤᠰᠬᠠᠬᠤ᠂ | ᠴᠢᠳᠠᠪᠤᠷᠢᠲᠠᠨ ᠢ ᠤᠷᠢᠬᠤ᠂ ᠤᠷ᠎ᠠ ᠮᠡᠷᠭᠡᠵᠢᠯ ᠤᠨ ᠤᠷᠤᠯᠳᠤᠭᠠᠨ᠂ ᠪᠣᠯᠪᠠᠰᠤᠨ ᠢ ᠡᠬᠦᠳᠬᠦ ᠵᠡᠷᠭᠡ ᠠᠵᠢᠯᠯᠠᠭ᠎ᠠ ᠶᠢ | ᠥᠷᠭᠡᠨ ᠳᠡᠯᠭᠡᠷ ᠥᠷᠨᠢᠭᠦᠯᠵᠦ᠂ ᠳᠠᠭᠠᠭᠠᠴᠢᠯᠠᠨ ᠡᠷᠭᠢᠯᠡᠭᠰᠡᠨ ︽ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ | ᠤᠨ ᠣᠷᠣᠨ ᠪᠦᠰᠡ ᠠᠯᠤᠰᠯᠠᠨ ᠠᠵᠢᠯ ᠣᠯᠭᠤᠵᠤ ᠦᠢᠯᠡᠰ ᠪᠤᠰᠬᠠᠬᠤ ᠶᠢ ᠠᠬᠢᠭᠤᠯᠬᠤ︾ ︽ᠭᠤᠣᠯᠲᠤ ᠪᠤᠷᠤ ᠶᠢ | ᠬᠦᠬᠡᠬᠤᠳᠠ ᠳᠤ ᠦᠨᠳᠤᠰᠤᠯᠡᠬᠦᠯᠬᠦ ᠲᠥᠯᠥᠪᠯᠡᠭᠡ᠂ ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ | ᠢᠨᠵᠧᠨᠧᠷᠢᠩ︾ ᠵᠡᠷᠭᠡ ᠠᠵᠢᠯᠯᠠᠭ᠎ᠠ ᠨᠢ ᠣᠷᠣᠨ ᠨᠤᠲᠤᠭ ᠤᠨ ᠠᠵᠢᠯ ᠣᠯᠭᠤᠯᠲᠠ ᠶᠢᠨ ᠰᠢᠯᠢᠳᠡᠭ ᠨᠠᠷᠠᠲᠤ | ᠲᠡᠮᠳᠡᠭᠲᠦ ᠶᠢ ᠪᠣᠶ ᠪᠣᠯᠭᠠᠵᠤ᠂ ᠵᠢᠯ ᠪᠦᠷᠢ ᠲᠦᠮᠡ ᠭᠠᠷᠤᠢ ᠠᠵᠢᠯ ᠤᠨ ᠪᠠᠶᠢᠷᠢ ᠬᠠᠩᠭᠠᠵᠤ᠂ ᠠᠵᠤ ᠠᠬᠤᠶᠢᠯᠠᠯ ᠪᠠ | ᠨᠡᠶᠢᠭᠡᠮ ᠤᠨ ᠬᠢᠨ ᠤ ᠠᠵᠢᠯᠴᠢᠨ ᠬᠡᠷᠡᠭᠯᠡᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠭᠰᠡᠨ ᠪᠠᠶᠢᠨ᠎ᠠ᠃ ᠬᠢᠭᠰᠡᠨ | ᠲᠦᠷᠦᠯ ᠵᠦᠢᠯ ᠨᠢ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ︽ᠠᠷᠪᠠᠨ ᠰᠢᠯᠢᠳᠡᠭ ᠲᠦᠷᠦᠯ | ᠵᠦᠢᠯ︾ ︽ᠲᠦᠷᠦᠭᠦᠦ ᠪᠦᠯᠦᠭ ᠪᠦᠬᠦ ᠤᠯᠤᠰ ᠤᠨ ᠰᠢᠯᠢᠳᠡᠭ ᠦᠢᠯᠡᠴᠢᠯᠡᠭᠡᠨ ᠤ ᠠᠵᠢᠯᠲᠠᠨ ᠠᠵᠢᠯᠴᠢᠨ ᠤ ᠲᠦᠷᠦᠯ | ᠵᠦᠢᠯ︾ ᠵᠡᠷᠭᠡ ᠢᠷᠠᠭᠤ ᠠᠯᠳᠠᠷ ᠢ ᠬᠦᠷᠲᠡᠵᠦ᠂ ᠨᠡᠶᠢᠭᠡᠮ ᠤᠨ ᠬᠢᠨ ᠤ ᠰᠠᠶᠢᠨ ᠦᠨᠡᠯᠡᠯᠲᠡ ᠶᠢ ᠣᠯᠣᠭᠰᠠᠨ | ᠪᠠᠶᠢᠨ᠎ᠠ᠃ | ᠬᠤᠷᠠᠯ ᠳᠤ ᠣᠷᠣᠯᠴᠠᠭᠰᠠᠳ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ︽ᠬᠥᠭᠦᠷᠭᠡ ᠬᠤᠯᠪᠤᠭᠠᠰᠤ ᠶᠢᠨ | ᠦᠢᠯᠡᠳᠦᠯ ᠢᠶᠠᠨ ᠪᠠᠳᠠᠷᠠᠭᠤᠯᠵᠤ᠂ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠳᠤ ᠬᠦᠴᠦᠨ ᠨᠡᠮᠡᠷᠢᠯᠡᠬᠦ︾ | ᠭᠤᠣᠯ ᠰᠡᠳᠦᠪ ᠤᠨ ᠲᠣᠭᠤᠷᠢᠨ ᠳᠤ ᠲᠤᠷᠰᠢᠯᠭ᠎ᠠ ᠪᠠᠨ ᠬᠤᠪᠢᠶᠠᠯᠴᠠᠵᠤ᠂ ᠲᠤᠬᠠᠶᠢᠯᠠᠭᠰᠠᠨ ᠠᠵᠢᠯ ᠤᠨ ᠲᠠᠯ᠎ᠠ ᠪᠠᠷ | ᠰᠤᠳᠤᠯᠤᠨ ᠶᠠᠷᠢᠯᠴᠠᠪᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠬᠤᠷᠢᠶ᠎ᠠ ᠶᠢᠨ ᠱᠦᠵᠢ ᠬᠥᠩ | ᠸᠧᠢ ᠴᠦᠨ ᠵᠢᠭᠠᠬᠰᠠᠨ ᠨᠢ᠂ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠢ ᠰᠢᠢᠳᠪᠤᠷᠢᠯᠡᠬᠦ ᠬᠠᠮᠤᠭ ᠤᠨ | ᠰᠠᠶᠢᠨ ᠠᠷᠭ᠎ᠠ ᠮᠥᠨ᠂ ᠠᠵᠢᠯ ᠤᠯᠭᠤᠯᠳᠠ ᠪᠠ ᠦᠢᠯᠡᠰ ᠪᠤᠰᠬᠠᠬᠤ ᠠᠵᠢᠯ ᠳᠤ ᠨᠡᠶᠢᠭᠡᠮ ᠤᠨ ᠵᠣᠬᠢᠶᠠᠨ 手机版office365破解版_365速发国际购彩中心_365提现一般多久到账 | ᠪᠠᠶᠢᠭᠤᠯᠤᠯᠲᠠ ᠶᠢᠨ ᠬᠢᠨ ᠤ ᠬᠦᠴᠤᠨ ᠲᠤᠳᠠᠬᠳᠠᠵᠤ ᠪᠤᠯᠬᠤ ᠦᠬᠡᠢ᠃ ᠣᠶᠤᠲᠠᠳ ᠤᠨ ᠦᠢᠯᠡᠰ ᠪᠤᠰᠬᠠᠬᠤ | ᠨᠡᠶᠢᠬᠡᠮᠯᠢᠭ ᠤᠨ ᠬᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ | ᠥᠩᠭᠡᠷᠡᠭᠰᠡᠨ ᠲᠠᠢ ᠪᠠᠨ ᠠᠳᠠᠯᠢ ᠰᠠᠶᠢᠲᠤᠷ ᠪᠠᠳᠠᠷᠠᠭᠤᠯᠵᠤ᠂ ᠰᠢᠨ᠎ᠡ ᠪᠠᠶᠢᠳᠠᠯ ᠳᠣᠣᠷᠠᠬᠢ ᠨᠡᠶᠢᠭᠡᠮ ᠤᠨ ᠠᠵᠢᠯ | ᠣᠯᠭᠤᠯᠲᠠ ᠶᠢᠨ ᠣᠨᠴᠠᠯᠢᠭ ᠲᠤ ᠰᠠᠭᠤᠷᠢᠯᠠᠨ᠂ ᠣᠯᠠᠨ ᠲᠠᠯ᠎ᠠ ᠶᠢᠨ ᠡᠬᠢ ᠪᠠᠶᠠᠯᠢᠭ ᠢ ᠥᠷᠭᠡᠨ ᠢᠶᠠᠷ ᠡᠮᠬᠢᠯᠡᠵᠤ᠂ ︽ | ᠳᠥᠭᠦᠮ ᠳᠥᠲᠡ᠂ ᠦᠷ᠎ᠡ ᠪᠦᠲᠦᠮᠵᠢᠲᠡᠶ︾ ᠣᠯᠠᠨ ᠡᠰᠢᠲᠦ ᠲᠠᠪᠴᠠᠩ ᠢ ᠪᠠᠶᠢᠭᠤᠯᠤᠨ᠂ ᠣᠶᠤᠲᠠᠳ ᠤᠨ ᠠᠵᠢᠯ | ᠤᠯᠭᠤᠯᠳᠠ ᠦᠢᠯᠡᠰ ᠪᠤᠰᠬᠠᠬᠤ ᠳᠤ ᠲᠠᠪᠴᠠᠩ ᠬᠠᠩᠭᠠᠵᠤ᠂ ᠠᠷᠠᠳ ᠤᠨ ᠠᠮᠢᠳᠤᠷᠠᠯ ᠠᠵᠢᠯ ᠣᠯᠭᠤᠯᠲᠠ ᠶᠢ | ᠰᠢᠢᠳᠪᠦᠷᠢᠯᠡᠬᠦ ᠳᠤ ᠠᠷᠭ᠎ᠠ ᠤᠬᠠᠭᠠᠨ ᠭᠠᠷᠭᠠᠨ ᠬᠦᠴᠦᠨ ᠴᠢᠳᠠᠯ ᠢᠶᠠᠨ ᠡᠷᠭᠦᠵᠦ᠂ ᠥᠪᠥᠷ ᠮᠣᠩᠭᠤᠯ ᠤᠨ ᠠᠵᠤ | ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠳᠠᠬᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ᠃ | | | | | |