内蒙古自治区民政厅 手机版office365破解版_365速发国际购彩中心_365提现一般多久到账

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠬᠥᠯᠥᠨ ᠪᠤᠶᠢᠷ ᠬᠤᠲᠠ᠄ ︽ᠨᠠᠢᠮᠠᠨ ᠠᠵᠢᠯᠯᠠᠭ᠎ᠠ︾ ᠶᠢ ᠭᠦᠨᠵᠡᠭᠡᠢ ᠦᠢᠯᠡᠳᠤᠯᠬᠡᠵᠢᠬᠦᠯᠦᠭᠰᠡᠨ ᠢᠶᠠᠷ ᠲᠤᠰᠠᠯᠠᠵᠤ ᠲᠡᠳᠬᠦᠬᠦ ᠠᠵᠢᠯ ᠢᠯᠡᠳᠲᠡ ᠦᠷ᠎ᠡ ᠪᠦᠲᠦᠮᠵᠢ ᠣᠯᠪᠠ
        ᠨᠡᠶᠢᠲᠡᠯᠡᠭᠰᠡᠨ ᠴᠠᠭ᠄
        2023/3/2
            ︽ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠵᠤᠪᠠᠨᠢᠯ ᠢ ᠰᠢᠢᠳᠪᠦᠷᠢᠯᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ︾ ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠨ ᠲᠡᠳᠬᠦᠬᠦ ᠨᠠᠢᠮᠠᠨ ᠠᠵᠢᠯᠯᠠᠭ᠎ᠠ ᠶᠢ ᠥᠷᠨᠢᠭᠦᠯᠦᠭᠰᠡᠨ ᠠᠴᠠ  ᠨᠠᠭᠠᠰᠢ ᠬᠥᠯᠥᠨ ᠪᠤᠶᠢᠷ ᠬᠤᠳᠠ ᠶᠢᠨ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠠᠯᠢ ᠤᠯᠠᠨ ᠪᠣᠳᠠᠲᠠᠢ ᠶᠢ ᠡᠷᠬᠢᠮᠯᠡᠭᠰᠡᠨ

        手机版office365破解版_365速发国际购彩中心_365提现一般多久到账

        ᠪᠦᠲᠦᠮᠵᠢᠲᠡᠢ ᠠᠷᠭ᠎ᠠ᠂ ᠲᠦᠷᠦᠯ ᠵᠦᠢᠯ ᠢᠶᠠᠷ ᠨᠢᠭᠡᠳᠦᠯᠲᠡᠢ ᠲᠥᠯᠥᠪᠵᠢᠭᠦᠯᠬᠦ᠂ ᠨᠠᠷᠢᠨ ᠲᠠᠩᠰᠠ ᠶᠢᠨ ᠬᠡᠯᠪᠡᠷᠢ ᠪᠠᠷ ᠠᠬᠢᠭᠤᠯᠬᠤ᠂ ᠵᠠᠩᠭᠢᠯᠠᠭ᠎ᠠ ᠶᠢᠨ ᠴᠡᠭ ᠢᠶᠠᠷ ᠲᠣᠬᠢᠷᠠᠭᠤᠯᠬᠤ ᠪᠠᠷ ᠡᠯ᠎ᠡ ᠵᠦᠢᠯ ᠤᠨ ᠠᠵᠢᠯᠯᠠᠭ᠎ᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠷᠠᠳ ᠤᠨ ᠠᠮᠢᠳᠤᠷᠠᠯ ᠤᠨ ᠦᠨᠳᠤᠰᠤᠨ ᠪᠠᠳᠤᠯᠠᠭ᠎ᠠ ᠶᠢᠨ ᠬᠤᠷᠢᠭ᠎ᠠ ᠱᠤᠭᠤᠮ ᠢ ᠰᠠᠶᠢᠲᠤᠷ ᠪᠠᠲᠤᠯᠠᠭᠰᠠᠨ ᠪᠠᠶᠢᠨ᠎ᠠ᠃    ᠨᠢᠭᠡ᠂ ᠲᠣᠭᠲᠠᠴᠠ ᠶᠢ ᠪᠠᠶᠢᠭᠤᠯᠵᠤ᠂ ᠦᠨᠳᠦᠰᠦᠨ ᠵᠦᠢᠯ ᠢ ᠪᠠᠲᠤᠯᠠᠨ ᠶᠠᠰᠤ ᠴᠢᠨᠠᠷ ᠢ ᠳᠡᠭᠡᠭᠰᠢᠯᠡᠭᠦᠯᠵᠦ ᠠᠷᠠᠳ ᠲᠤ ᠠᠰᠢᠭ ᠬᠦᠷᠲᠡᠭᠡᠬᠦ ᠶᠢ ᠪᠠᠳᠤᠯᠠᠪᠠ    ᠬᠦᠯᠤᠨ ᠪᠤᠶᠢᠷ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠨᠡᠶᠢᠭᠡᠮ ᠤᠨ ᠲᠤᠰᠠᠯᠠᠮᠵᠢ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠠᠶᠠᠨᠳᠠᠭᠠᠨ ᠨᠡᠮᠡᠭᠳᠡᠬᠦ ᠲᠣᠭᠲᠠᠴᠠ ᠶᠢ ᠤᠯᠠᠮ ᠲᠡᠭᠦᠯᠳᠡᠷᠵᠢᠭᠦᠯᠬᠦ ᠶᠢᠨ ᠲᠥᠯᠥᠭᠡ ᠲᠦᠷᠤᠬᠦᠤ ᠵᠢᠯ ᠤᠨ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠪᠤᠶᠤ ᠬᠥᠮᠥᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ ᠵᠡᠷᠭᠡ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ᠂ ᠪᠠᠳᠤᠯᠠᠭ᠎ᠠ ᠶᠢᠨ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠪᠤᠳᠤᠵᠤ᠂ ᠬᠤᠳᠠ ᠬᠥᠳᠡᠭᠡ ᠶᠢᠨ ᠵᠥᠷᠢᠶ᠎ᠡ ᠶᠢ ᠪᠠᠭᠠᠰᠬᠠᠵᠤ᠂ 2023 ᠣᠨ ᠳᠤ ᠬᠠᠶᠢᠯᠠᠷ ᠲᠣᠭᠤᠷᠢᠭ᠂ ᠶᠠᠭᠰᠢ ᠬᠤᠳᠠ᠂ ᠡᠷᠭᠦᠨ᠎ᠡ ᠬᠤᠳᠠ᠂ ᠡᠸᠡᠩᠬᠢ ᠬᠤᠰᠢᠭᠤ᠂ ᠬᠠᠭᠤᠴᠢᠨ  ᠪᠠᠷᠭᠤ ᠬᠤᠰᠢᠭᠤ ᠶᠢᠨ ᠰᠠᠭᠤᠷᠢᠨ ᠳᠡᠭᠡᠷ᠎ᠡ ᠰᠢᠨ᠎ᠡ ᠪᠠᠷᠭᠤ ᠪᠠᠷᠠᠭᠤᠨ ᠬᠤᠰᠢᠭᠤ᠂ ᠣᠷᠴᠣᠨ ᠦᠨᠳᠤᠰᠤᠳᠡᠨ ᠤ ᠦᠪᠡᠷᠳᠡᠬᠡᠨ ᠵᠠᠰᠠᠬᠤ ᠬᠤᠰᠢᠭᠤ ᠴᠤ ᠨᠡᠶᠢᠭᠡᠮ ᠤᠨ  ᠲᠤᠰᠠᠯᠠᠮᠵᠢ  ᠶᠢᠨ ᠪᠠᠷᠢᠮᠵᠢᠶ᠎ᠠ ᠶᠢ ᠬᠤᠳᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠪᠠᠶᠢᠨ᠎ᠠ᠃    ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠴᠢᠩᠭᠠᠷᠠᠭᠤᠯᠬᠤ ᠪᠠᠷ ᠳᠡᠮᠵᠢᠨ᠂ ᠡᠯ᠎ᠡ ᠬᠤᠰᠢᠭᠤ ᠬᠤᠲᠠ ᠲᠣᠭᠤᠷᠢᠭ ᠨᠢ ᠰᠠᠯᠠᠭ᠎ᠠ ᠮᠥᠴᠢᠷ ᠤᠨ ᠵᠣᠬᠢᠴᠠᠭᠤᠯᠭ᠎ᠠ ᠪᠠᠨ ᠤᠯᠠᠮ ᠴᠢᠩᠭᠠᠳᠬᠠᠵᠤ᠂ ᠪᠡᠯᠡ ᠮᠥᠩᠭᠦ ᠣᠯᠭᠤᠬᠤ ᠲᠠᠰ ᠳᠠᠷᠠᠭᠠᠯᠠᠯ ᠢ ᠰᠢᠯᠢᠳᠡᠭᠵᠢᠭᠦᠯᠦᠨ᠂ ᠪᠡᠯᠡ ᠮᠥᠩᠭᠦ ᠣᠯᠭᠤᠬᠤ ᠦᠷ᠎ᠡ ᠪᠦᠲᠦᠮᠵᠢ ᠶᠢ ᠦᠨᠡᠨ ᠬᠦ ᠲᠡᠭᠡᠭᠰᠢᠯᠡᠬᠦᠯᠪᠡ᠃ ᠵᠠᠩᠭᠢᠯᠠᠭ᠎ᠠ ᠶᠢᠨ ᠦᠶ᠎ᠡ ᠳᠤ ᠬᠦᠴᠢᠷᠳᠡᠯᠲᠡᠢ ᠬᠦᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠷᠮᠠᠶᠢᠨ ᠰᠠᠶᠢᠲᠤᠷ ᠬᠢᠵᠦ᠂ ᠬᠦᠴᠢᠷᠳᠡᠯᠲᠡᠢ ᠣᠯᠠᠨ ᠲᠦᠮᠡᠨ ᠤ ᠠᠮᠤᠷ ᠲᠦᠪᠰᠢᠨ ᠢᠶᠠᠷ ᠡᠪᠦᠯᠵᠢᠬᠦ᠂ ᠬᠠᠯᠠᠭᠤᠨ ᠳᠤᠯᠠᠭᠠᠨ ᠢᠶᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠬᠥᠯᠥᠨ ᠪᠤᠶᠢᠷ ᠬᠤᠲᠠ ᠶᠢᠨ 12 ᠬᠤᠰᠢᠭᠤ ᠬᠤᠲᠠ ᠲᠣᠭᠤᠷᠢᠭ ᠤᠨ ᠬᠢᠨ 2023 ᠣᠨ ᠤ 1 ᠳ᠋ᠤᠬᠡᠷ ᠰᠠᠷ᠎ᠠ ᠶᠢᠨ 10 ᠤ ᠡᠳᠦᠷ ᠠᠴᠠ ᠡᠮᠦᠨ᠎ᠡ ᠂ 1 ︱ 2 ᠳ᠋ᠤᠭᠠᠷ ᠰᠠᠷ᠎ᠠ ᠶᠢᠨ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠭᠰᠡᠳ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠵᠡᠷᠭᠡ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ ᠨᠥᠬᠦᠪᠦᠷ᠊ ᠶᠢ ᠣᠯᠭᠤᠬᠤ ᠠᠵᠢᠯ ᠢ ᠪᠦᠬᠦᠨ ᠢ ᠪᠡᠶᠡᠯᠡᠭᠦᠯᠵᠦ᠂ 1.3 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠠᠷᠬᠠᠭᠠᠵᠤ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠪᠠ ᠣᠨᠴᠠ ᠬᠦᠴᠢᠷᠳᠡᠯᠲᠡᠢ 114022 ᠬᠦᠮᠦᠨ ᠳᠤ ᠠᠰᠢᠭ ᠬᠦᠷᠳᠡᠬᠡᠪᠡ᠃    ᠬᠤᠶᠠᠷ᠂ ᠦᠷ᠎ᠡ ᠪᠦᠳᠦᠮᠵᠢ ᠶᠢ ᠳᠡᠭᠡᠭᠰᠢᠯᠡᠭᠦᠯᠵᠦ᠂  ᠲᠤᠰᠠᠯᠠᠮᠵᠢ ᠶᠢᠨ ᠲᠠᠰ ᠳᠠᠷᠠᠭᠠᠯᠠᠯ ᠢ ᠠᠷᠠᠳ ᠲᠤ ᠲᠥᠬᠦᠮ ᠪᠤᠯᠭᠠᠵᠤ ᠠᠰᠢᠭ ᠬᠦᠷᠳᠡᠬᠡᠪᠡ    ᠲᠣᠭᠲᠠᠴᠠ  ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠲᠤᠰᠠᠯᠠᠮᠵᠢ ᠶᠢᠨ ᠭᠠᠷᠳᠠᠨ ᠭᠦᠢᠴᠡᠳᠭᠡᠭᠴᠢ᠂ ᠨᠡᠶᠢᠭᠡᠮ ᠤᠨ ᠲᠤᠰᠠᠯᠠᠮᠵᠢ ᠶᠢᠨ ᠲᠤᠰᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠴᠠᠭᠠᠵᠤ ᠰᠤᠷᠪᠤᠯᠵᠢᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠣᠷᠣᠯᠭ᠎ᠠ ᠪᠠᠭᠠᠲᠠᠢ ᠬᠦᠮᠦᠰ ᠤᠨ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠲᠠᠪᠴᠠᠩ ᠳᠤ ᠲᠦᠰᠢᠭᠯᠡᠨ᠂ ᠥᠷᠭᠡᠨ ᠢᠶᠠᠷ ᠪᠠᠶᠢᠴᠠᠭᠠᠵᠤ ᠭᠠᠷᠭᠠᠬᠤ᠂ ᠨᠠᠷᠢᠯᠢᠭ ᠣᠨᠣᠴᠠᠲᠠᠢ ᠲᠤᠰᠠᠯᠠᠬᠤ ᠶᠢ ᠪᠡᠶᠡᠯᠡᠭᠦᠯᠵᠦ᠂ ︽ᠨᠠᠢᠮᠠᠨ ᠠᠵᠢᠯᠯᠠᠭ᠎ᠠ︾ ᠶᠢ ᠥᠷᠨᠢᠭᠦᠯᠬᠦ ᠬᠤᠭᠤᠴᠠᠭᠠᠨ ᠳᠤ ᠪᠥᠬᠦ ᠬᠤᠲᠠ ᠳᠤ ᠬᠦᠴᠢᠷᠳᠡᠯᠲᠡᠢ ᠣᠯᠠᠨ ᠲᠦᠮᠡᠨ ᠢ 52150 ᠬᠥᠮᠥᠨ ᠤᠳᠠᠭ᠎ᠠ ᠪᠠᠶᠢᠴᠠᠭᠠᠵᠤ᠂ ᠬᠢᠨᠠᠨ ᠬᠠᠷᠭᠤᠭᠤᠯᠤᠭᠰᠠᠨ ᠤ ᠳᠠᠷᠠᠭ᠎ᠠ 328 ᠬᠥᠮᠥᠨ ᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠣᠷᠣᠭᠤᠯᠵᠤ ᠂ 64 ᠬᠦᠮᠦᠨ ᠢ ᠣᠨᠴᠠ ᠬᠦᠴᠢᠷᠳᠡᠯᠲᠡᠢ ᠬᠦᠮᠦᠰ ᠤᠨ ᠪᠠᠳᠤᠯᠠᠭ᠎ᠠ ᠳᠤ ᠣᠷᠣᠭᠤᠯᠵᠤ᠂ 1778 ᠤᠳᠠᠭ᠎ᠠ ᠲᠦᠷ ᠴᠠᠭ ᠲᠤᠰᠠᠯᠠᠵᠤ᠂  ᠲᠦᠷ ᠴᠠᠭ ᠤᠨ ᠲᠤᠰᠠᠯᠠᠮᠵᠢ ᠶᠢᠨ ᠮᠥᠩᠭᠦ 309 ᠲᠦᠮᠡᠨ ᠲᠥᠭᠦᠷᠢᠭ ᠵᠠᠷᠤᠴᠠᠭᠤᠯᠪᠠ᠃    ᠨᠡᠶᠢᠭᠡᠮ ᠤᠨ ᠲᠤᠰᠠᠯᠠᠮᠵᠢ ᠶᠢᠨ ᠬᠦᠷᠢᠶ᠎ᠡ ᠴᠠᠷᠠᠭ᠎ᠠ ᠳᠤ ᠬᠢ ᠪᠠᠭᠤᠯᠭᠠᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂  ᠲᠤᠰᠠᠯᠠᠮᠵᠢ ᠶᠢᠨ ᠵᠦᠢᠯᠡᠰ ᠢ ︽ᠠᠳᠠᠯᠢ ᠪᠠᠷᠢᠮᠵᠢᠶ᠎ᠠ ᠪᠠᠷ ᠭᠥᠯᠢᠶᠡᠨ ᠠᠪᠴᠤ ᠰᠢᠢᠳᠪᠦᠷᠢᠯᠡᠬᠦ᠂ ᠢᠯᠭᠠᠭ᠎ᠠ ᠦᠭᠡᠢ ᠰᠢᠢᠳᠪᠦᠷᠢᠯᠡᠬᠦ︾ ᠶᠢ ᠨᠠᠶᠢᠳᠠᠪᠤᠷᠢᠵᠢᠭᠤᠯᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠰᠢᠯᠢᠳᠡᠭ︾ ᠤᠨ ᠠᠵᠢᠯ ᠤᠨ ᠱᠠᠭᠠᠷᠳᠠᠯᠭ᠎ᠠ  ᠲᠠᠢ ᠬᠠᠷᠢᠴᠠᠭᠤᠯᠵᠤ᠂ ᠠᠵᠢᠯ ᠶᠠᠪᠤᠳᠠᠯ ᠭᠦᠢᠴᠡᠳᠬᠡᠬᠦ ᠲᠠᠰ ᠳᠠᠷᠠᠭᠠᠯᠠᠯ ᠢ ᠴᠣᠮᠬᠠᠳᠬᠠᠵᠤ᠂ ᠭᠦᠢᠴᠡᠳᠬᠡᠬᠦ ᠴᠠᠭ ᠢ ᠪᠠᠭᠠᠰᠬᠠᠨ᠂ ᠣᠲᠣ ᠪᠣᠯᠲᠠᠯ᠎ᠠ ᠪᠥᠬᠦ ᠬᠤᠲᠠ ᠶᠢᠨ 7 ᠬᠤᠰᠢᠭᠤ ᠬᠤᠲᠠ ᠲᠣᠭᠤᠷᠢᠭ ᠤᠨ ᠬᠢᠨ ᠤ ᠬᠢᠨᠠᠨ ᠬᠠᠷᠭᠤᠭᠤᠯᠵᠤ ᠨᠤᠲᠠᠯᠠᠬᠤ ᠡᠷᠬᠡ ᠶᠢᠨ ᠬᠡᠪᠴᠢᠶ᠎ᠡ ᠶᠢ ᠳᠣᠷᠣᠭᠰᠢ ᠪᠠᠭᠤᠯᠭᠠᠵᠤ᠂ 4 ᠵᠦᠢᠯ ᠤᠨ ᠮᠠᠲ᠋ᠧᠷᠢᠶᠠᠯ ᠢ ᠪᠠᠭᠠᠰᠬᠠᠨ᠂ 2 ᠵᠠᠩᠭᠢᠯᠠᠭ᠎ᠠ ᠶᠢᠨ ᠲᠠᠰ ᠳᠠᠷᠠᠭᠠᠯᠠᠯ ᠢ ᠳᠥᠭᠦᠮᠴᠢᠯᠡᠵᠦ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠭᠠᠷᠳᠠᠨ ᠭᠦᠢᠴᠡᠳᠬᠡᠬᠦ ᠴᠠᠭ ᠢ 20 ᠡᠳᠦᠷ ᠪᠣᠯᠲᠠᠯ᠎ᠠ ᠪᠠᠭᠠᠰᠬᠠᠵᠤ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠭᠠᠷ ᠬᠦᠢᠴᠡᠳᠬᠡᠯ ᠢ ᠭᠦᠢᠴᠡᠳᠬᠡᠬᠦ ᠴᠠᠭ ᠢ 37 ᠡᠳᠦᠷ ᠪᠣᠯᠲᠠᠯ᠎ᠠ ᠪᠠᠭᠠᠰᠬᠠᠵᠤ᠂ ᠣᠯᠠᠨ ᠲᠦᠮᠡᠨ ᠤ ᠲᠤᠰᠠᠯᠠᠮᠵᠢ  ᠭᠤᠶᠤᠴᠢᠯᠠᠬᠤ ᠳᠤ ᠶᠡᠭᠡ  ᠪᠠᠷ ᠲᠥᠬᠦᠮ ᠦᠵᠡᠭᠦᠯᠵᠦ᠂ ᠦᠨᠳᠦᠰᠦᠨ ᠵᠦᠢᠯ ᠢ ᠪᠠᠲᠤᠯᠠᠬᠤ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠪᠠᠲᠤᠯᠠᠬᠤ ᠳᠤ ᠬᠦᠴᠦᠨ ᠨᠡᠮᠡᠷᠢᠯᠡᠪᠡ᠃    ᠭᠤᠷᠪᠠ᠂ ᠲᠤᠰᠬᠠᠢ ᠲᠦᠷᠦᠯ ᠤᠨ ᠲᠤᠰᠠᠯᠠᠮᠵᠢ ᠪᠠᠷ ᠵᠤᠪᠠᠨᠢᠯ ᠢ ᠨᠢ ᠠᠷᠢᠯᠭᠠᠵᠤ᠂ ᠬᠦᠴᠢᠷᠳᠡᠯ ᠢ ᠨᠢ ᠰᠢᠢᠳᠪᠤᠷᠢᠯᠡᠪᠡ     ᠬᠥᠯᠥᠨ ᠪᠤᠶᠢᠷ ᠬᠤᠲᠠ ᠶᠢᠨ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠬᠢᠵᠢᠭ ᠤᠨ ᠬᠤᠭᠤᠴᠠᠭᠠᠨ ᠳᠤ ᠬᠢ ᠲᠦᠷ ᠴᠠᠭ ᠤᠨ ᠲᠤᠰᠠᠯᠠᠮᠵᠢ ᠶᠢᠨ ᠬᠤᠭᠤᠴᠠᠭᠠᠲᠤ ᠴᠢᠨᠠᠷ ᠪᠠ ᠪᠣᠯᠣᠮᠵᠢᠲᠤ ᠴᠢᠨᠠᠷ ᠢ ᠤᠯᠠᠮ ᠴᠢᠩᠭᠠᠳᠬᠠᠬᠤ ᠶᠢᠨ ᠲᠦᠯᠤᠬᠡ  ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠵᠤ᠂ ᠲᠤᠰᠠᠯᠠᠮᠵᠢ  ᠶᠢᠨ ᠡᠷᠴᠢᠮ ᠢᠶᠠᠨ ᠴᠢᠩᠭᠠᠷᠠᠭᠤᠯᠪᠠ᠃ ᠨᠥᠬᠦᠴᠡᠯ ᠳᠤ ᠨᠡᠶᠢᠴᠡᠬᠦ ᠲᠤᠰᠠᠯᠠᠮᠵᠢ ᠭᠤᠶᠤᠴᠢᠯᠠᠬᠰᠠᠳ ᠲᠦᠷ ᠴᠠᠭ ᠤᠨ ᠲᠤᠰᠠᠯᠠᠮᠵᠢ ᠶᠢᠨ ᠪᠡᠯᠡᠳᠬᠡᠯ ᠮᠥᠩᠭᠦ ᠶᠢᠨ ᠳᠦᠷᠢᠮ ᠢᠶᠠᠷ ᠳᠠᠮᠵᠢᠭᠤᠯᠤᠨ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠲᠦᠷ ᠴᠠᠭ ᠤᠨ ᠲᠤᠰᠠᠯᠠᠮᠵᠢ ᠭᠤᠶᠤᠴᠢᠯᠠᠬᠤ᠂ ᠬᠢᠨᠠᠨ ᠵᠥᠪᠰᠢᠶᠡᠷᠡᠬᠦ᠂ ᠣᠯᠭᠤᠬᠤ ᠲᠠᠰ ᠳᠠᠷᠠᠭᠠᠯᠠᠯ ᠢ ᠪᠡᠶᠡᠯᠡᠭᠦᠯᠵᠦ ᠪᠣᠯᠣᠨ᠎ᠠ᠃ ᠪᠠᠴᠢᠮ ᠬᠦᠴᠢᠷᠳᠡᠯ ᠠᠴᠠ ᠪᠤᠯᠤᠭᠠᠳ ᠲᠦᠷ ᠴᠠᠭ ᠤᠨ ᠲᠤᠰᠠᠯᠠᠮᠵᠢ ᠭᠤᠶᠤᠴᠢᠯᠠᠬᠰᠠᠳ ᠤᠨ ᠪᠠᠶᠢᠳᠠᠯ ᠢ ᠨᠢ ᠦᠨᠳᠦᠰᠦᠯᠡᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠨᠢ ᠬᠠᠷᠭᠤᠭᠤᠯᠬᠤ᠂ ᠢᠯᠡ ᠪᠠᠷ ᠵᠠᠷᠯᠠᠬᠤ ᠶᠢ ᠳᠥᠭᠦᠮᠴᠢᠯᠡᠬᠦ ᠪᠤᠶᠤ ᠬᠦᠴᠦᠨ ᠦᠭᠡᠢ ᠪᠣᠯᠭᠠᠬᠤ ᠵᠡᠷᠭᠡ ᠭᠤᠭᠴᠤᠭ᠎ᠠ ᠪᠠᠷ ᠰᠢᠭᠤᠳ ᠲᠤᠰᠠᠯᠠᠵᠤ᠂ ᠪᠠᠴᠢᠮ ᠬᠦᠴᠢᠷᠳᠡᠯ ᠢᠶᠠᠨ ᠲᠤᠭᠤᠯᠤᠬᠰᠠᠨ ᠤ ᠬᠢ ᠨᠢ ᠬᠤᠶᠢᠨ᠎ᠠ ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠠᠷᠳᠠᠮ ᠢ ᠨᠦᠬᠦᠪᠤᠷᠢᠯᠡᠪᠡ᠃ ᠬᠢᠵᠢᠭ ᠤᠨ ᠨᠥᠯᠥᠭᠡ ᠠᠴᠠ ᠪᠣᠯᠵᠤ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ᠂ ᠵᠠᠮ ᠬᠠᠷᠢᠯᠴᠠᠭᠠᠨ ᠤ ᠬᠠᠮᠢᠶᠠᠷᠤᠯᠲᠠ ᠡᠵᠡᠮᠳᠡᠯ ᠠᠴᠠ ᠪᠣᠯᠵᠤ ᠲᠦᠷ ᠰᠠᠭᠠᠲᠠᠭᠰᠠᠨ ᠬᠥᠮᠥᠰ ᠪᠠ ᠲᠤᠬᠠᠢ ᠶᠢᠨ ᠭᠠᠵᠠᠷ ᠤᠨ ᠡᠷᠦᠬᠡ ᠠᠮᠠ ᠶᠢᠨ ᠲᠠᠩᠰᠠ ᠦᠭᠡᠢ ᠦᠨᠳᠦᠰᠦᠨ ᠠᠮᠢᠳᠤᠷᠠᠯ ᠤᠨ ᠬᠦᠴᠢᠷᠳᠡᠯ ᠲᠠᠢ ᠬᠥᠮᠥᠰ ᠲᠤ ᠲᠦᠷ ᠴᠠᠭ ᠤᠨ ᠲᠤᠰᠠᠯᠠᠮᠵᠢ ᠶᠢᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ᠂ ᠣᠷᠣᠰᠢᠨ ᠰᠠᠭᠤᠭ᠎ᠠ ᠭᠠᠵᠠᠷ ᠤᠨ ᠭᠤᠶᠤᠴᠢᠯᠠᠯ ᠤᠨ ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠭᠤᠶᠤᠴᠢᠯᠠᠯ ᠢ ᠨᠢ ᠪᠠᠴᠢᠮ ᠬᠦᠴᠢᠷᠳᠡᠯ ᠡᠭᠦᠰᠦᠭᠰᠡᠨ ᠭᠠᠵᠠᠷ ᠤᠨ ᠬᠢ ᠨᠢ ᠭᠥᠯᠢᠶᠡᠨ ᠠᠪᠴᠤ᠂ ᠬᠢᠨᠠᠨ ᠬᠠᠷᠭᠤᠭᠤᠯᠬᠤ ᠶᠢᠨ ᠬᠠᠮᠲᠤ ᠲᠦᠷ ᠴᠠᠭ ᠤᠨ  ᠲᠤᠰᠠᠯᠠᠮᠵᠢ ᠶᠢᠨ ᠮᠥᠩᠭᠦ ᠤᠯᠭᠤᠪᠠ᠃ 2022 ᠣᠨ ᠳᠤ᠂ ᠪᠥᠬᠦ ᠬᠤᠲᠠ ᠳᠤ ᠰᠢᠶᠠᠩ ᠪᠠᠯᠭᠠᠰᠤᠨ ᠤ ᠲᠦᠷ ᠴᠠᠭ ᠤᠨ ᠲᠤᠰᠠᠯᠠᠮᠵᠢ ᠶᠢᠨ ᠪᠡᠯᠡᠳᠬᠡᠯ ᠮᠥᠩᠭᠦ 509.1 ᠲᠦᠮᠡᠨ ᠲᠥᠭᠦᠷᠢᠭ ᠪᠠᠭᠤᠯᠭᠠᠪᠠ᠃ ︽ᠨᠠᠢᠮᠠᠨ ᠠᠵᠢᠯᠯᠠᠭ᠎ᠠ︾ ᠶᠢ ᠥᠷᠨᠢᠭᠦᠯᠵᠦ ᠪᠠᠶᠢᠭ᠎ᠠ ᠬᠤᠭᠤᠴᠠᠭᠠᠨ ᠳᠤ᠂ ᠬᠤᠲᠠ ᠶᠢᠨ ᠬᠡᠪᠴᠢᠶᠡᠨ ᠳᠤ ︽ᠤᠷᠢᠳ ᠢᠶᠠᠷ ᠲᠤᠰᠠᠯᠠᠬᠤ︾ ᠪᠤᠳᠤᠯᠭ᠎ᠠ ᠶᠢ 52 ᠤᠳᠠᠭ᠎ᠠ ᠶᠢᠨ  ᠬᠡᠷᠡᠭᠵᠢᠭᠦᠯᠵᠦ᠂ 4.1 ᠲᠦᠮᠡᠨ ᠲᠥᠭᠦᠷᠢᠭ ᠤᠨ ᠪᠡᠯᠡ ᠮᠥᠩᠭᠦ ᠵᠠᠷᠤᠴᠠᠭᠤᠯᠵᠤ᠂ ᠪᠠᠴᠢᠮ ᠬᠦᠴᠢᠷᠳᠡᠯ ᠭᠠᠷᠤᠭᠰᠠᠨ ᠭᠠᠵᠠᠷ ᠲᠤ ᠨᠢ 62  ᠤᠳᠠᠭ᠎ᠠ ᠶᠢᠨ ᠲᠦᠷ ᠴᠠᠭ ᠤᠨ ᠲᠤᠰᠠᠯᠠᠮᠵᠢ ᠦᠵᠡᠬᠦᠯᠵᠤ᠂ 6.5 ᠲᠦᠮᠡᠨ ᠲᠥᠭᠦᠷᠢᠭ ᠤᠨ ᠪᠡᠯᠡ ᠮᠥᠩᠭᠦ ᠵᠠᠷᠤᠴᠠᠭᠤᠯᠵᠤ᠂ ᠬᠢᠵᠢᠭ ᠠᠴᠠ ᠪᠣᠯᠵᠤ ᠬᠦᠴᠢᠷᠳᠡᠯ ᠳᠤ ᠲᠤᠯᠭᠠᠷᠠᠭᠰᠠᠨ ᠭᠤᠷᠪᠠᠳᠤᠭᠠᠷ ᠲᠥᠷᠥᠯ ᠤᠨ ᠬᠥᠮᠥᠰ ᠲᠤ 105 ᠬᠥᠮᠥᠨ ᠤᠳᠠᠭ᠎ᠠ ᠶᠢᠨ  ᠲᠤᠰᠠᠯᠠᠮᠵᠢ ᠦᠵᠡᠬᠦᠯᠵᠤ᠂ 17.7 ᠲᠦᠮᠡᠨ ᠲᠥᠭᠦᠷᠢᠭ ᠤᠨ ᠪᠡᠯᠡ ᠮᠥᠩᠭᠦ ᠵᠠᠷᠤᠴᠠᠭᠤᠯᠵᠠᠢ᠃    ᠳᠥᠷᠪᠡ᠂ ᠬᠠᠯᠠᠭᠤᠨ ᠲᠤᠯᠠᠭᠠᠨ ᠬᠠᠶᠢᠷ᠎ᠠ ᠬᠠᠯᠠᠮᠵᠢ ᠬᠦᠷᠬᠡᠵᠤ ᠲᠤᠬᠤᠨᠢᠭᠤᠯᠵᠤ ᠤᠬᠠᠭᠤᠯᠬᠤ ᠠᠵᠢᠯ ᠢ ᠦᠨᠡᠨ ᠰᠡᠳᠬᠢᠯ ᠢᠶᠠᠷ ᠬᠢᠪᠡ    2023 ᠣᠨ ᠤ ᠡᠬᠢᠨ ᠳᠤ ᠬᠥᠯᠥᠨ ᠪᠤᠶᠢᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ  ᠬᠢᠨ ᠨᠡᠶᠢᠭᠡᠮ ᠤᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢᠨ ᠲᠡᠳᠬᠦᠮᠵᠢ ᠶᠢᠨ ᠨᠠᠷᠢᠨ ᠲᠠᠩᠰᠠ ᠶᠢ ᠨᠢᠮᠪᠠᠢ ᠵᠣᠬᠢᠶᠠᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠳᠡᠢ ᠠᠴᠠ ᠪᠤᠯᠤᠭᠠᠳ ᠠᠰᠠᠷᠠᠭᠤᠯᠤᠨ ᠲᠡᠵᠢᠬᠡᠯᠬᠡᠬᠦ᠂ ᠲᠦᠷ ᠴᠠᠭ ᠤᠨ ᠲᠤᠰᠠᠯᠠᠮᠵᠢ ᠵᠡᠷᠭᠡ ᠪᠠᠲᠤᠯᠠᠭ᠎ᠠ ᠶᠢᠨ ᠳᠦᠷᠢᠮ ᠤᠨ ᠭᠤᠶᠤᠴᠢᠯᠠᠬᠤ ᠨᠥᠬᠦᠴᠡᠯ᠂ ᠭᠤᠶᠤᠴᠢᠯᠠᠬᠤ ᠠᠷᠭ᠎ᠠ᠂ ᠭᠦᠢᠴᠡᠳᠬᠡᠬᠦ ᠶᠠᠪᠤᠴᠠ᠂ ᠪᠠᠲᠤᠯᠠᠭ᠎ᠠ ᠶᠢᠨ ᠪᠠᠷᠢᠮᠵᠢᠶ᠎ᠠ ᠵᠡᠷᠭᠡ ᠠᠭᠤᠯᠭ᠎ᠠ ᠶᠢ ᠪᠠᠭᠲᠠᠭᠠᠵᠤ᠂ ᠲᠥᠬᠦᠮ ᠣᠶᠢᠯᠠᠭᠠᠮᠵᠢᠲᠠᠢ ᠠᠷᠭ᠎ᠠ ᠪᠠᠷ  ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠤᠬᠠᠭᠤᠯᠪᠠ᠃ ᠪᠥᠬᠦ ᠬᠤᠲᠠ ᠶᠢᠨ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ  ᠤᠨ ᠬᠢᠨ ᠬᠡᠷᠡᠭ ᠤᠨ ᠵᠢᠱᠢᠶ᠎ᠡ ᠶᠢ ᠵᠠᠳᠠᠯᠬᠤ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠤᠬᠠᠭᠤᠯᠬᠤ ᠵᠡᠷᠭᠡ ᠠᠷᠭ᠎ᠠ ᠸᠢᠴᠠᠲ ᠲᠠᠪᠴᠠᠩ᠂ ᠵᠠᠰᠠᠭ ᠤᠨ ᠣᠷᠳᠣᠨ ᠤ ᠰᠦᠯᠵᠢᠶ᠎ᠡ᠂ ᠰᠣᠨᠢᠨ ᠰᠡᠳᠬᠦᠯ ᠵᠡᠷᠭᠡ ᠵᠠᠭᠤᠴᠢᠯᠠᠭᠤᠷ ᠲᠤ ᠨᠡᠶᠢᠭᠡᠮ ᠤᠨ  ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠶᠡᠭᠡ ᠪᠠᠷ ᠤᠬᠠᠭᠤᠯᠵᠤ᠂ ᠣᠯᠠᠨ ᠲᠦᠮᠡᠨ ᠳᠤ ᠨᠠᠮ ᠤᠨ ᠠᠷᠠᠳ ᠤᠨ ᠠᠮᠢᠳᠤᠷᠠᠯ ᠤᠨ ᠲᠤᠬᠠᠢ ᠲᠥᠷᠥ ᠶᠢᠨ ᠪᠣᠳᠣᠯᠭ᠎ᠠ ᠠᠷᠭ᠎ᠠ ᠶᠢ ᠴᠠᠭ ᠲᠤᠬᠠᠢ ᠳᠤ ᠨᠢ ᠣᠶᠢᠯᠠᠭᠠᠭᠤᠯᠵᠤ᠂ ᠨᠠᠮ ᠤᠨ ᠬᠠᠯᠠᠮᠵᠢᠯᠠᠯ ᠪᠠ ᠬᠠᠯᠠᠭᠤᠨ ᠳᠤᠯᠠᠭᠠᠨ ᠢ ᠮᠡᠳᠡᠷᠡᠭᠦᠯᠪᠡ᠃    ︽ᠬᠤᠶᠠᠷ ᠪᠠᠶᠠᠷ︾ ᠤᠨ ᠬᠤᠭᠤᠴᠠᠭᠠᠨ ᠳᠤ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ  ᠤᠨ ᠬᠢᠨ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠬᠠᠯᠠᠭᠤᠨ ᠳᠤᠯᠠᠭᠠᠨ ᠢ ᠲᠠᠮᠵᠢᠭᠤᠯᠬᠤ ᠠᠯᠢ ᠣᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂  ᠬᠦᠴᠢᠷᠳᠡᠯᠳᠡᠢ ᠬᠦᠮᠦᠰ ᠢ ᠲᠡᠳᠬᠦᠬᠦ ᠪᠠ ᠲᠥᠷᠥ ᠶᠢᠨ ᠪᠣᠳᠣᠯᠭ᠎ᠠ ᠶᠢ ᠤᠬᠠᠭᠤᠯᠬᠤ ᠶᠢ ᠤᠶᠠᠯᠳᠤᠭᠤᠯᠵᠤ᠂ ᠬᠦᠯᠤᠨ ᠪᠤᠶᠢᠷ ᠬᠤᠲᠠ ᠶᠢᠨ ᠬᠦᠴᠢᠷᠳᠡᠯ ᠲᠠᠢ ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠵᠡᠢ᠃ ︽ᠨᠠᠢᠮᠠᠨ ᠠᠵᠢᠯᠯᠠᠭ᠎ᠠ︾ ᠶᠢ ᠥᠷᠨᠢᠭᠦᠯᠦᠭᠰᠡᠨ ᠠᠴᠠ ᠨᠠᠭᠠᠰᠢ᠂ ᠬᠦᠯᠤᠨ ᠪᠤᠶᠢᠷ ᠬᠤᠲᠠ ᠶᠢᠨ ᠬᠡᠪᠴᠢᠶᠡᠨ ᠳᠤ ᠬᠦᠴᠢᠷᠳᠡᠯᠲᠡᠢ ᠣᠯᠠᠨ ᠲᠦᠮᠡᠨ ᠢ 7146  ᠤᠳᠠᠭ᠎ᠠ ᠰᠤᠷᠪᠤᠯᠵᠢᠯᠠᠨ ᠲᠣᠬᠤᠨᠢᠭᠤᠯᠵᠤ᠂ 182.3 ᠲᠦᠮᠡᠨ ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠲᠠᠷᠬᠠᠭᠠᠭᠰᠠᠨ ᠪᠠᠶᠢᠨ᠎ᠠ᠃    ᠬᠥᠯᠥᠨ ᠪᠤᠶᠢᠷ ᠬᠤᠲᠠ ᠶᠢᠨ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ︽ᠨᠠᠢᠮᠠᠨ ᠠᠵᠢᠯᠯᠠᠭ᠎ᠠ︾ ᠪᠠᠷ ᠰᠢᠨ᠎ᠡ ᠭᠠᠷᠤᠭ᠎ᠠ ᠪᠣᠯᠭᠠᠨ᠂ ᠠᠵᠢᠯ ᠤᠨ ᠲᠠᠰ ᠳᠠᠷᠠᠭᠠᠯᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠢᠯ ᠤᠨ ᠬᠤᠷᠳᠤᠴᠠ ᠶᠢ ᠲᠦᠷᠬᠡᠳᠬᠡᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠶᠠᠰᠤ ᠴᠢᠨᠠᠷ ᠢ ᠴᠢᠩᠭᠠᠳᠬᠠᠬᠤ ᠶᠢ ᠪᠥᠬᠦ ᠲᠠᠯ᠎ᠠ ᠪᠠᠷ ᠠᠬᠢᠭᠤᠯᠵᠤ᠂ ᠠᠮᠢᠳᠤᠷᠠᠯ ᠤᠨ ᠦᠨᠳᠦᠰᠦᠨ ᠪᠠᠳᠤᠯᠠᠭ᠎ᠠ ᠶᠢᠨ ᠠᠮᠤᠷ ᠲᠦᠪᠰᠢᠨ ᠤ ᠲᠣᠣᠷ ᠢ ᠤᠯᠠᠮ ᠨᠢᠭᠲᠠ ᠪᠠᠬᠢ ᠪᠠᠶᠢᠭᠤᠯᠵᠤ ᠪᠠᠶᠢᠨ᠎ᠠ᠃ 
         
        ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         

        手机版office365破解版_365速发国际购彩中心_365提现一般多久到账

        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号