ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠰᠤᠨ ᠵᠦᠢ ᠶᠢᠨ ᠶᠡᠷᠦᠩᠬᠡᠶ ᠲᠣᠪᠴᠢᠶᠠᠨ ᠤ | ᠱᠦᠵᠢ᠂ ᠲᠣᠪᠴᠢᠶᠠᠨ ᠤ ᠳᠠᠷᠤᠭ᠎ᠠ ᠸᠠᠩ ᠨᠠᠨ ᠹᠧᠩ | ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠲᠤᠮᠳᠡᠳᠦ ᠤᠯᠦᠰ ᠤᠨ ᠤᠡᠴᠡᠯᠢᠬ ᠲᠠᠢ ᠨᠡᠶᠢᠢᠭᠡᠮ ᠵᠢᠷᠦᠮ ᠢ ᠥᠴᠦᠬᠡᠨ ᠴᠦ ᠭᠤᠶᠢᠪᠢᠰᠢ | ᠦᠭᠡᠶ ᠪᠠᠷᠢᠮᠲᠠᠯᠠᠨ ᠬᠥᠭᠵᠢᠭᠦᠯᠵᠦ᠂ ᠵᠣᠷᠢᠭᠲᠠᠢ ᠪᠠᠷ ᠦᠢᠯᠡᠳᠦᠯᠭᠡᠵᠢᠭᠦᠯᠵᠦ᠂ ᠴᠢᠳᠠᠮᠠᠭᠠᠢ ᠪᠠᠷ ᠰᠢᠨ᠎ᠡ ᠶᠢ ᠡᠭᠦᠳᠴᠦ᠂ | ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠶᠢᠨ ᠵᠢᠮ᠎ᠡ | ᠶᠣᠰᠣ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯ ᠤᠨ ᠵᠢᠮ᠎ᠡ ᠶᠣᠰᠤ ᠤᠨ ᠲᠤᠬᠠᠢ ᠲᠠᠨᠢᠯᠲᠠ ᠪᠠᠨ | ᠭᠦᠨᠵᠡᠭᠡᠶᠢᠷᠡᠭᠦᠯᠵᠦ᠂ ᠲᠦᠷᠦ ᠶᠢ ᠵᠠᠰᠠᠵᠤ ᠵᠠᠰᠠᠭ ᠢ ᠡᠷᠬᠢᠯᠡᠬᠦ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ | ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠪᠦᠷᠢᠯᠳᠦᠭᠦᠯᠵᠦ᠂ ᠰᠢᠨ᠎ᠡ ᠲᠡᠦᠬᠡᠨ ᠨᠥᠬᠦᠴᠡᠯ ᠳᠣᠣᠷ᠎ᠠ ᠥᠭᠡᠷᠡᠴᠢᠯᠡᠯᠲᠡ | ᠨᠡᠭᠡᠭᠡᠯᠳᠡ ᠶᠢ ᠭᠦᠨᠵᠡᠭᠡᠶᠢᠷᠡᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠳᠤ | ᠰᠢᠨᠵᠢᠯᠡᠬᠦ ᠤᠬᠠᠭᠠᠨᠴᠢ ᠤᠨᠤᠯ ᠤᠨ ᠵᠢᠯᠤᠭᠤᠳᠤᠯᠭ᠎ᠠ ᠪᠠ ᠠᠵᠢᠯᠯᠠᠭᠠᠨ ᠤ ᠵᠦᠭᠯᠡᠭᠦᠷ ᠬᠠᠩᠭᠠᠭᠰᠠᠨ ᠪᠠᠶᠢᠨ᠎ᠠ᠃ | ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠠᠴᠠ | ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠯᠢᠭ᠂ ᠬᠠᠮᠲᠤᠪᠠᠷ ᠡᠳ᠋ᠯᠡᠬᠦ ︽ᠲᠠᠪᠤᠨ ᠶᠡᠭᠡ | ᠬᠥᠭᠵᠢᠯᠲᠡ ᠶᠢᠨ ᠣᠶᠢᠯᠠᠭᠠᠭᠳᠠᠬᠤᠨ︾ ᠢ ᠳᠤᠷᠠᠳᠤᠭᠰᠠᠨ ᠨᠢ ᠮᠠᠨ ᠤ ᠤᠯᠤᠰ ᠤᠨ ᠬᠥᠭᠵᠢᠯᠲᠡ ᠶᠢᠨ ᠪᠦᠬᠦ | ᠲᠠᠯ᠎ᠠ ᠳᠤ ᠬᠤᠯᠪᠣᠭᠳᠠᠬᠤ ᠨᠢᠭᠡ ᠤᠳᠠᠭᠠᠳ ᠤ ᠭᠦᠨᠵᠡᠭᠡᠢ ᠬᠤᠪᠢᠰᠤᠯᠲᠠ ᠪᠣᠯᠤᠨ᠎ᠠ᠂ ᠡᠨᠡ ᠤᠳᠠᠭᠠᠨ ᠤ | ᠬᠤᠪᠢᠰᠤᠯᠲᠠ ᠨᠢ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠡᠳᠤ ᠶᠢᠨ ᠲᠡᠦᠬᠡᠲᠦ ᠠᠴᠢ | ᠬᠤᠯᠪᠣᠭᠳᠠᠯ ᠲᠠᠢ ᠶᠤᠮ᠃ ︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠨᠢ ᠰᠢᠨ᠎ᠡ ᠪᠠᠶᠢᠳᠠᠯ ᠳᠣᠣᠷ᠎ᠠ ᠪᠢᠳᠡ | ᠶᠠᠮᠠᠷ ᠬᠥᠭᠵᠢᠯᠲᠡ ᠶᠢ ᠪᠡᠶᠡᠯᠡᠭᠦᠯᠬᠦ᠂ ᠬᠥᠭᠵᠢᠯᠲᠡ ᠶᠢ ᠬᠡᠷᠬᠢᠨ ᠪᠡᠶᠡᠯᠡᠭᠦᠯᠬᠦ ᠴᠢᠬᠤᠯᠠ ᠶᠡᠭᠡ ᠠᠰᠠᠭᠤᠳᠠᠯ ᠳᠤ | ᠪᠦᠲᠦᠭᠡᠯᠴᠢ ᠪᠠᠷ ᠬᠠᠷᠢᠭᠤᠯᠲᠠ ᠥᠭᠴᠡᠢ᠂ ᠡᠨᠡ ᠪᠣᠯ ᠴᠠᠭ ᠦᠶ᠎ᠡ ᠶᠢᠨ ᠤᠷᠤᠰᠬᠠᠯ᠂ ᠬᠥᠭᠵᠢᠯᠲᠡ ᠶᠢᠨ | ᠳᠠᠪᠠᠭᠤᠯᠢᠭ ᠲᠤ ᠵᠣᠬᠢᠴᠠᠭᠰᠠᠨ ᠪᠠᠶᠢᠯᠳᠤᠬᠤ ᠪᠤᠳᠤᠯᠭ᠎ᠠ ᠶᠢᠨ ᠰᠣᠩᠭᠤᠯᠲᠠ ᠮᠥᠨ᠂ ᠮᠠᠨ ᠤ ᠨᠠᠮ ᠤᠨ | ᠬᠥᠭᠵᠢᠯᠲᠡ ᠶᠢᠨ ᠤᠨᠤᠯ ᠤᠨ ᠴᠢᠬᠤᠯᠠ ᠶᠡᠭᠡ ᠳᠡᠭᠡᠭᠰᠢᠯᠡᠯᠲᠡ ᠮᠥᠨ᠃ ᠪᠦᠬᠦ ᠣᠷᠣᠨ ᠤ ᠤᠰᠤᠨ ᠵᠦᠶ ᠶᠢᠨ | ᠰᠢᠰᠲ᠋ᠧᠮ ᠨᠢ ᠪᠦᠬᠦ ᠣᠷᠣᠨ ᠤ ᠤᠰᠤᠨ ᠠᠰᠢᠭᠯᠠᠯᠲᠠ ᠶᠢᠨ ᠦᠢᠯᠡᠰ ᠪᠠ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠠᠵᠢᠯ ᠲᠥᠷᠥᠯ ᠤᠨ ᠰᠠᠯᠠᠭ᠎ᠠ ᠮᠥᠴᠢᠷ | ᠪᠣᠯᠤᠭᠰᠠᠨ ᠤ ᠬᠤᠪᠢ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠳᠤ᠂ ᠡᠷᠬᠡᠪᠰᠢ | ᠲᠤᠰ ᠪᠡᠶ᠎ᠡ ᠶᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂︽ᠲᠠᠪᠤᠨ ᠶᠡᠭᠡ ᠬᠥᠭᠵᠢᠯᠲᠡ ᠶᠢᠨ | ᠣᠶᠢᠯᠠᠭᠠᠭᠳᠠᠬᠤᠨ︾ ᠤ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠡᠭᠦᠷᠭᠡ ᠴᠢᠳᠠᠪᠬᠢ ᠡᠭᠦᠷᠭᠡ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠨ᠂ ᠦᠶᠡᠷ ᠭᠠᠩ ᠤᠨ ᠭᠠᠮᠰᠢᠭ ᠤᠨ ᠰᠡᠷᠭᠡᠶᠢᠯᠡᠯᠲᠡ᠂ | ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢ ᠪᠡᠶᠡᠯᠡᠭᠦᠯᠬᠦ᠂ ︽ᠨᠢᠭᠡ ᠨᠠᠭᠤᠷ ᠬᠤᠶᠠᠷ | ᠲᠠᠩᠭᠢᠰ︾ ᠤᠨ ᠤᠰᠤᠨ ᠵᠦᠢ ᠶᠢᠨ ᠬᠢᠨᠠᠨ ᠬᠡᠮᠵᠢᠯᠲᠡ᠂ ᠤᠰᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ | ᠵᠡᠷᠭᠡ ᠴᠢᠬᠤᠯᠠ ᠶᠡᠭᠡ ᠡᠭᠦᠷᠭᠡ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ | ᠪᠣᠯᠤᠨ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ | ᠨᠢᠭᠡ᠂ ︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠢ ᠵᠥᠪ ᠢᠶᠠᠷ ᠤᠶᠢᠢᠯᠠᠭᠠᠨ ᠲᠠᠨᠢᠬᠤ ᠬᠡᠷᠡᠭᠲᠡᠶ | ︵ᠨᠢᠭᠡ︶ ︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠨᠢ ᠨᠠᠮ ᠤᠨ ᠦᠵᠡᠯ ᠰᠠᠨᠠᠭᠠᠨ ᠤ | ᠱᠤᠭᠤᠮ ᠤᠨ ᠮᠥᠨ ᠴᠢᠨᠠᠷ ᠤᠨ ᠱᠠᠭᠠᠷᠳᠠᠯᠭ᠎ᠠ ᠶᠢ ᠢᠯᠡᠷᠡᠭᠦᠯᠵᠦ ᠪᠠᠶᠢᠳᠠᠭ᠃ ᠤᠰᠤᠨ ᠵᠦᠢ ᠶᠢᠨ ᠠᠵᠢᠯ ᠤᠨ | ᠦᠢᠯᠡᠳᠦᠯᠭᠡ ᠳᠤᠮᠳᠠ ᠡᠷᠬᠡᠪᠰᠢ ᠡᠨᠡ ᠬᠦ ᠦᠵᠡᠯ ᠰᠠᠨᠠᠭᠠᠨ ᠤ ᠱᠤᠭᠤᠮ ᠢ ᠪᠠᠷᠢᠮᠲᠠᠯᠠᠵᠤ᠂ ᠤᠰᠤᠨ ᠵᠦᠢ ᠶᠢᠨ | ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠰᠡᠳᠬᠢᠴᠡ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠠᠵᠢᠯ ᠢᠶᠠᠨ | ᠪᠦᠲᠦᠭᠡᠯᠴᠢ ᠪᠠᠷ ᠥᠷᠨᠢᠭᠦᠯᠦᠨ᠂ ᠰᠢᠨ᠎ᠡ ᠪᠠᠶᠢᠳᠠᠯ ᠢ ᠳᠠᠰᠤᠷᠠᠯᠳᠠ ᠦᠬᠡᠢ ᠰᠤᠳᠤᠯᠵᠤ᠂ ᠰᠢᠨ᠎ᠡ ᠲᠤᠷᠰᠢᠯᠭ᠎ᠠ ᠶᠢ | ᠳ᠋ᠦᠩᠨᠡᠨ᠂ ᠰᠢᠨ᠎ᠡ ᠠᠰᠠᠭᠤᠳᠠᠯ ᠢ ᠰᠢᠶᠳᠪᠦᠷᠢᠯᠡᠵᠦ᠂ ᠤᠰᠤᠨ ᠵᠦᠢ ᠶᠢᠨ ᠦᠢᠯᠡᠳᠦᠯᠭᠡ ᠶᠢᠨ ᠳᠤᠮᠳᠠ ᠦᠵᠡᠯ | ᠰᠠᠨᠠᠭ᠎ᠠ ᠪᠠᠨ ᠴᠢᠯᠥᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ᠂ ᠦᠨᠡᠨ ᠢ | ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠬᠦ ᠨᠠᠮ ᠤᠨ ᠦᠵᠡᠯ ᠰᠠᠨᠠᠭᠠᠨ ᠤ ᠱᠤᠭᠤᠮ ᠢ ᠦᠢᠯᠡᠳᠦᠯᠭᠡᠵᠢᠭᠦᠯᠬᠦ | ᠬᠡᠷᠡᠭᠲᠡᠶ᠃ | ︵ᠬᠤᠶᠠᠷ︶ ︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠨᠢ ᠨᠠᠮ ᠤᠨ ᠦᠵᠡᠯ ᠰᠠᠨᠠᠭᠠᠨ ᠤ | ᠱᠤᠭᠤᠮ ᠤᠨ ᠮᠥᠨ ᠴᠢᠨᠠᠷ ᠤᠨ ᠱᠠᠭᠠᠷᠳᠠᠯᠭ᠎ᠠ ᠶᠢ ᠢᠯᠡᠷᠡᠭᠦᠯᠪᠡ᠃ ︽ᠲᠠᠪᠤᠨ ᠶᠡᠭᠡ ᠬᠥᠭᠵᠢᠯᠲᠡ ᠶᠢᠨ | ᠣᠶᠢᠯᠠᠭᠠᠭᠳᠠᠬᠤᠨ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠡᠷᠬᠡᠪᠰᠢ ᠦᠵᠡᠯ ᠰᠠᠨᠠᠭ᠎ᠠ ᠪᠠᠨ ᠴᠢᠯᠥᠭᠡᠯᠡᠬᠦ᠂ | ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠴᠠᠭ ᠦᠶ᠎ᠡ ᠪᠣᠯᠤᠨ ᠦᠢᠯᠡᠳᠦᠯᠭᠡ ᠶᠢᠨ ᠬᠥᠭᠵᠢᠯᠲᠡ ᠲᠠᠢ | ᠵᠣᠬᠢᠴᠠᠭᠰᠠᠨ ᠰᠡᠳᠬᠢᠬᠦᠢ ᠶᠢᠨ ᠠᠷᠭ᠎ᠠ ᠬᠡᠯᠪᠡᠷᠢ ᠶᠢ ᠪᠤᠢ ᠪᠣᠯᠭᠠᠨ᠂ ᠤᠰᠤᠨ ᠵᠦᠢ ᠶᠢᠨ ᠪᠣᠳᠠᠲᠠᠢ ᠠᠴᠠ ᠡᠭᠦᠰᠬᠦ ᠶᠢ | ᠴᠢᠬᠤᠯᠠᠴᠢᠯᠠᠵᠤ᠂ ᠪᠤᠰᠤᠳᠴᠢ ᠵᠢᠮ᠎ᠡ ᠶᠣᠰᠣ ᠪᠠᠷ ᠠᠵᠢᠯᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ | ᠰᠢᠨ᠎ᠡ ᠴᠠᠭ ᠦᠶ᠎ᠡ ᠶᠢᠨ ᠤᠰᠤᠨ ᠵᠦᠢ ᠶᠢᠨ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠬᠦᠳᠦᠯᠦᠨ | ᠳᠠᠭᠠᠭᠤᠯᠬᠤ ᠬᠡᠷᠡᠭᠲᠡᠢ᠃ | ︵ᠭᠤᠷᠪᠠ︶ ︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠳᠤ ᠢᠯᠡ ᠲᠣᠳᠣ ᠠᠰᠠᠭᠤᠳᠠᠯ ᠤᠨ | ᠤᠳᠤᠷᠢᠳᠤᠮᠵᠢ ᠶᠢ ᠨᠡᠪᠲᠡ ᠰᠢᠩᠭᠡᠭᠡᠵᠦ ᠪᠠᠶᠢᠨ᠎ᠠ᠃ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠰᠢ᠂ | ᠶᠡᠷᠦᠩᠬᠡᠢ ᠱᠦᠵᠢ ᠰᠢ ᠶᠢᠨ ᠫᠢᠩ ᠰᠢᠷᠢᠰ ᠴᠢᠬᠤᠯᠠ ᠶᠠᠷᠢᠶ᠎ᠠ ᠲᠠᠯᠪᠢᠵᠤ᠂ ᠬᠤᠷᠴᠠ ᠴᠢᠩᠭ᠎ᠠ ᠠᠰᠠᠭᠤᠳᠠᠯ ᠤᠨ | ᠤᠬᠠᠮᠰᠠᠷ᠂ ᠢᠯᠡ ᠲᠣᠳᠣ ᠠᠰᠠᠭᠤᠳᠠᠯ ᠤᠨ ᠤᠳᠤᠷᠢᠳᠤᠮᠵᠢ ᠶᠢ ᠲᠤᠭᠤᠰᠢᠯᠠᠭᠤᠯᠤᠨ᠂ ᠡᠪ ᠬᠠᠮᠲᠤᠴᠤᠳ ᠤᠨ | ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ ᠰᠢᠨᠵᠢᠯᠡᠬᠦ ᠤᠬᠠᠭᠠᠨᠴᠢ ᠣᠪᠤᠷ ᠢ ᠢᠯᠡᠷᠡᠭᠦᠯᠵᠡᠢ᠃ ᠰᠢᠨ᠎ᠡ ᠴᠠᠭ | ᠦᠶ᠎ᠡ ᠳᠤ ᠤᠰᠤᠨ ᠵᠦᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ | ᠤᠰᠤᠨ ᠵᠦᠢ ᠶᠢᠨ ᠦᠢᠯᠡᠴᠢᠯᠡᠭᠡᠨ ᠤ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ᠂ ᠤᠰᠤᠨ ᠵᠦᠢ ᠶᠢᠨ | ᠡᠯ᠎ᠡ ᠱᠠᠲᠤᠨ ᠤ ᠤᠳᠤᠷᠢᠳᠬᠤ ᠺᠠᠳ᠋ᠷ ᠡᠷᠬᠡᠪᠰᠢ ᠠᠰᠠᠭᠤᠳᠠᠯ ᠢ ᠢᠯᠡᠷᠡᠭᠦᠯᠬᠦ ᠬᠤᠷᠴᠠ ᠰᠡᠷᠭᠡᠭ᠂ ᠠᠰᠠᠭᠤᠳᠠᠯ ᠳᠤ | ᠵᠥᠪ ᠢᠶᠠᠷ ᠬᠠᠨᠳᠤᠬᠤ ᠬᠤᠷᠴᠠ ᠤᠬᠠᠭᠠᠨ᠂ ᠠᠰᠠᠭᠤᠳᠠᠯ ᠢ ᠰᠢᠢᠳᠪᠦᠷᠢᠯᠡᠬᠦ ᠥᠪᠡᠷ ᠤᠨ ᠤᠬᠠᠮᠰᠠᠷ ᠲᠠᠢ ᠪᠠᠶᠢᠬᠤ | ᠬᠡᠷᠡᠭᠲᠡᠢ᠃ ᠣᠳᠣᠬᠠᠨ ᠳᠤ᠂ ᠤᠰᠤᠨ ᠵᠦᠶ ᠶᠢᠨ ᠬᠥᠭᠵᠢᠯᠲᠡ ᠳᠤ ᠮᠠᠰᠢ ᠣᠯᠠᠨ ᠳᠤᠲᠠᠭᠤᠳᠠᠯ ᠪᠠ ᠬᠦᠷᠦᠯᠴᠡᠬᠦ | ᠥᠬᠡᠶ ᠲᠠᠯ᠎ᠠ ᠲᠤᠯᠭᠠᠷᠠᠵᠤ ᠪᠠᠶᠢᠨ᠎ᠠ᠂ ᠪᠢᠳᠡ ᠵᠠᠪᠠᠯ ︽ᠤᠰᠤᠨ ᠠᠰᠢᠭᠯᠠᠯᠲᠠ ᠶᠢᠨ ᠠᠵᠢᠯ ᠲᠥᠷᠥᠯ ᠤᠨ | ᠳᠤᠲᠠᠭᠤᠳᠠᠯ ᠢ ᠨᠥᠬᠦᠪᠥᠷᠢᠯᠡᠬᠦ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ︾ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠬᠥᠭ ᠠᠶᠠᠰ ᠢ | ᠵᠢᠷᠤᠮᠯᠠᠵᠤ᠂ ᠠᠰᠠᠭᠤᠳᠠᠯ ᠢᠶᠠᠷ ᠬᠥᠲᠥᠯᠦᠮᠵᠢ ᠪᠣᠯᠭᠠᠬᠤ ᠶᠢ ᠪᠠᠷᠢᠮᠲᠠᠯᠠᠨ᠂ ᠳᠤᠲᠠᠭᠤᠳᠠᠯ ᠢ ᠨᠥᠬᠦᠪᠥᠷᠢᠯᠡᠬᠦ ᠡᠨᠡ ᠬᠦ | ᠲᠣᠮᠣ ᠵᠦᠢᠯ ᠢ ᠬᠦᠴᠦᠯᠡᠨ ᠰᠢᠶᠳᠪᠦᠷᠢᠯᠡᠵᠦ᠂ ᠬᠥᠭᠵᠢᠯᠲᠡ ᠶᠢᠨ ᠪᠡᠷᠬᠡ ᠰᠡᠳᠦᠪ ᠢ ᠰᠢᠶᠳᠪᠦᠷᠢᠯᠡᠬᠦ ᠳᠤᠮᠳᠠ | ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ | ︵ᠲᠦᠷᠪᠡ︶︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠨᠢ ᠠᠷᠠᠳ ᠲᠦᠮᠡᠨ ᠢ ᠳᠡᠭᠡᠳᠦᠯᠡᠬᠦ ᠦᠷᠳᠡᠭ ᠤᠨ | ᠬᠠᠨᠳᠤᠯᠭ᠎ᠠ ᠶᠢ ᠢᠯᠡᠷᠡᠭᠦᠯᠪᠡ᠃ ᠲᠤᠮᠳᠠᠳᠤ ᠤᠯᠤᠰ ᠤᠨ ᠡᠪ ᠬᠠᠮᠳᠤ ᠨᠠᠮ ᠪᠣᠯ ᠬᠠᠮᠤᠭ ᠤᠨ ᠥᠷᠭᠡᠨ ᠤᠯᠡᠠ ᠠᠷᠠᠳ | ᠲᠦᠮᠡᠨ ᠤ ᠠᠰᠢᠭ ᠲᠤᠰᠠ ᠠᠴᠠ ᠭᠠᠳᠠᠨ᠎ᠠ ᠥᠪᠡᠷ ᠤᠨ ᠣᠨᠴᠠᠭᠠᠶ ᠠᠰᠢᠭ ᠲᠤᠰᠠ ᠭᠡᠵᠦ ᠪᠠᠶᠢᠳᠠᠭ ᠤᠶᠢᠭᠡᠢ ᠶᠤᠮ᠃ | ᠨᠠᠮ ᠬᠡᠵᠢᠶ᠎ᠡ ᠴᠦ ᠭᠡᠰᠡᠨ ᠤᠯᠡᠠ ᠲᠦᠮᠡᠨ ᠤ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠡᠠ | ᠲᠦᠮᠡᠨ ᠲᠠᠢ ᠵᠢᠷᠭᠠᠯ ᠵᠣᠪᠠᠯᠠᠩ ᠢᠶᠠᠨ ᠬᠠᠮᠲᠤᠳᠬᠠᠨ᠂ ᠬᠠᠮᠤᠭ ᠤᠨ ᠨᠢᠭᠲᠠ ᠬᠠᠷᠢᠴᠠᠭ᠎ᠠ ᠪᠠᠨ ᠪᠠᠲᠤᠯᠠᠳᠠᠭ᠃ ᠤᠰᠤᠨ | ᠵᠦᠶ ᠶᠢᠨ ᠠᠵᠢᠯ ᠲᠥᠷᠥᠯ ᠪᠣᠯ ᠤᠰᠤᠨ ᠠᠰᠢᠭᠯᠠᠯᠲᠠ ᠳᠤ ᠰᠢᠭᠤᠳ ᠦᠢᠯᠡᠴᠢᠯᠡᠵᠦ᠂ ᠠᠷᠠᠳ ᠲᠦᠮᠡᠨ ᠳᠤ ᠪᠤᠶᠠᠨ | ᠦᠢᠯᠡᠳᠬᠦ ᠦᠢᠯᠡᠰ ᠪᠣᠯᠤᠨ᠎ᠠ᠂ ᠤᠰᠤᠨ ᠵᠦᠢ ᠶᠢᠨ ᠠᠵᠢᠯ ᠢ ᠰᠠᠶᠢᠲᠤᠷ ᠬᠢᠬᠦ ᠨᠢ ᠠᠷᠠᠳ ᠤᠯᠠᠨ ᠤ ᠰᠠᠶᠢᠢᠨ | ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠲᠠᠢ ᠬᠤᠯᠪᠣᠭᠳᠠᠨ᠎ᠠ᠂ ᠡᠶᠢᠮᠦ ᠠᠴᠠ ︽ᠲᠠᠪᠤᠨ ᠶᠡᠭᠡ ᠬᠥᠭᠵᠢᠯᠲᠡ ᠶᠢᠨ | ᠣᠶᠢᠯᠠᠭᠠᠭᠳᠠᠬᠤᠨ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠤᠰᠤᠨ ᠵᠦᠢ ᠶᠢᠨ ᠰᠢᠰᠲ᠋ᠧᠮ ᠡᠷᠬᠡᠪᠰᠢ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠰᠤᠨ ᠵᠦᠢ ᠶᠢᠨ | ᠠᠵᠢᠯ ᠢ ᠰᠠᠶᠢᠲᠤᠷ ᠬᠢᠬᠦ ᠶᠢ ᠠᠷᠠᠳ ᠲᠦᠮᠡᠨ ᠤ ᠵᠣᠯ ᠵᠢᠷᠭᠠᠯ ᠢ ᠡᠳ᠋ᠯᠡᠬᠦ ᠦᠢᠯᠡᠰ ᠪᠣᠯᠭᠠᠵᠤ᠂ ᠠᠷᠠᠳ ᠲᠦᠮᠡᠨ ᠤ | ᠦᠨᠳᠦᠷᠴᠡ ᠠᠴᠠ ᠠᠵᠢᠯ ᠢᠶᠠᠨ ᠲᠥᠯᠥᠪᠵᠢᠭᠦᠯᠵᠦ᠂ ᠠᠷᠠᠳ ᠤᠯᠠᠨ ᠳᠤ ᠨᠡᠩ ᠤᠯᠠᠨ ᠬᠦᠷᠲᠡᠭᠡᠮᠵᠢ ᠶᠢᠨ ᠲᠦᠷᠦᠭᠳᠡᠯ | ᠣᠯᠭᠤᠬᠤ ᠬᠡᠷᠡᠭᠲᠡᠢ᠃ | ᠬᠤᠶᠠᠷ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠤᠰᠤᠨ ᠵᠦᠶ ᠶᠢᠨ | ᠦᠶᠯᠡᠴᠢᠯᠡᠭᠡ ᠶᠢ ᠲᠦᠷᠭᠡᠳᠬᠡᠨ ᠬᠤᠪᠢᠷᠠᠭᠤᠯᠵᠤ ᠤᠰᠤᠨ ᠠᠰᠢᠭᠯᠠᠯᠲᠠ ᠶᠢᠨ ᠦᠶᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠲᠤᠯᠭᠠᠭᠤᠷᠢᠯᠠᠬᠤ ᠰᠡᠳᠬᠢᠮᠵᠢ ᠶᠢ ᠲᠦᠷᠭᠡᠳᠬᠡᠨ ᠬᠤᠪᠢᠷᠠᠭᠤᠯᠤᠨ᠎ᠠ | ᠲᠠᠪᠤᠨ ᠶᠡᠭᠡ ᠬᠥᠭᠵᠢᠯᠲᠡ ᠶᠢᠨ ᠤᠶᠢᠢᠯᠠᠭᠠᠭᠳᠠᠬᠤᠨ ᠢ ᠪᠠᠷᠢᠮᠲᠠᠯᠠᠬᠤ ᠪᠣᠯ ᠮᠠᠨ ᠤ ᠤᠯᠤᠰ ᠤᠨ | ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠨᠢᠭᠡ ᠤᠳᠠᠭ᠎ᠠ ᠶᠢᠨ ᠭᠦᠨᠵᠡᠭᠡᠢ ᠥᠭᠡᠷᠡᠴᠢᠯᠡᠯᠲᠡ ᠪᠣᠯᠤᠨ᠎ᠠ᠃ | ᠤᠰᠤᠨ ᠵᠦᠢ ᠶᠢᠨ ᠠᠵᠢᠯ ᠢ ᠪᠣᠳᠠᠲᠠᠢ ᠪᠠᠷ ᠬᠢᠵᠦ᠂ ᠤᠰᠤ ᠵᠠᠰᠠᠬᠤ ᠰᠡᠳᠬᠢᠴᠡ ᠪᠠᠨ ᠬᠤᠪᠢᠷᠠᠭᠤᠯᠬᠤ ᠶᠢ | ᠲᠤᠯᠭᠠᠭᠤᠷᠢᠯᠠᠵᠤ᠂ ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠪᠣᠯ | ᠤᠰᠤᠨ ᠵᠦᠢ ᠶᠢᠨ ᠬᠥᠮᠦᠰ ᠤᠨ ᠡᠮᠦᠨ᠎ᠡ ᠲᠠᠯᠪᠢᠭᠳᠠᠵᠤ ᠪᠠᠶᠢᠭ᠎ᠠ ᠴᠢᠬᠤᠯᠠ ᠰᠡᠳᠦᠪ ᠪᠣᠯᠤᠨ᠎ᠠ᠃ ︽ᠲᠠᠪᠤᠨ ᠶᠡᠭᠡ | ᠬᠥᠭᠵᠢᠯᠲᠡ ᠶᠢᠨ ᠣᠶᠢᠯᠠᠭᠠᠭᠳᠠᠬᠤᠨ︾ ᠪᠣᠯ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ | ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠭᠰᠠᠨ ᠠᠮᠢᠨ ᠰᠦᠨᠡᠰᠦ ᠪᠠ ᠭᠤᠤᠯ | ᠰᠢᠵᠢᠮ ᠮᠥᠨ᠂ ᠪᠠᠰᠠ ᠴᠤ ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ ᠠᠵᠢᠯ ᠢ ᠰᠠᠶᠢᠲᠤᠷ ᠬᠢᠬᠦ ᠶᠢᠨ | ᠦᠨᠳᠦᠰᠦᠨ ᠵᠢᠷᠤᠮᠯᠠᠯ ᠮᠥᠨ᠃ ︽ᠲᠠᠪᠤᠨ ᠶᠡᠭᠡ ᠬᠥᠭᠵᠢᠯᠲᠡ ᠶᠢᠨ ᠣᠶᠢᠯᠠᠭᠠᠭᠳᠠᠬᠤᠨ︾ ᠢ ᠨᠠᠶᠢᠳᠠᠪᠤᠷᠢᠵᠢᠭᠤᠯᠬᠤ ᠳᠤ | ᠡᠷᠬᠡᠪᠰᠢ ᠰᠡᠳᠭᠢᠭᠦᠢ ᠶᠢ ᠤᠷᠢᠳᠠᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ | ᠳᠤᠷᠠᠳᠤᠭᠰᠠᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ | ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠮᠵᠢᠯᠠᠯᠲᠤ ᠤᠰᠤᠨ ᠠᠰᠢᠭᠯᠠᠯᠲᠠ ᠠᠴᠠ ᠤᠳᠤ ᠦᠶ᠎ᠡ ᠶᠢᠨ ᠤᠰᠤᠨ | ᠠᠰᠢᠭᠯᠠᠯᠲᠠ ᠲᠡᠰᠢ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠶ᠃ ᠤᠰᠤᠨ ᠵᠦᠶ ᠨᠢ ᠪᠠᠰᠠ ᠡᠨᠡ ᠬᠦ ᠵᠠᠷᠴᠢᠮ ᠢ | ᠵᠢᠷᠤᠮᠯᠠᠵᠤ᠂ ᠤᠯᠠᠮᠵᠢᠯᠠᠯᠲᠤ ᠤᠰᠤᠨ ᠵᠦᠶ ᠶᠢ ᠣᠳᠣ ᠦᠶ᠎ᠡ ᠶᠢᠨ ᠤᠰᠤᠨ ᠵᠦᠶ ᠪᠣᠯᠭᠠᠨ ᠬᠤᠪᠢᠷᠠᠭᠤᠯᠬᠤ ᠶᠢ | ᠲᠦᠷᠭᠡᠳᠬᠡᠬᠦ ᠬᠡᠷᠡᠭᠲᠡᠶ᠃ | ᠨᠢᠭᠡ ᠳᠤ ᠰᠢᠨ᠎ᠡ ᠶᠢ ᠡᠭᠦᠳᠬᠦ ᠬᠥᠭᠵᠢᠯᠲᠡ ᠠᠴᠠ ᠦᠵᠡᠪᠡᠯ᠂ ᠠᠵᠤ ᠠᠬᠤᠶ ᠨᠡᠶᠢᠭᠡᠮ ᠤᠨ ᠬᠥᠭᠵᠢᠯᠲᠡ ᠶᠢ | ᠳᠠᠭᠠᠯᠳᠤᠨ᠂ ᠮᠠᠨ ᠤ ᠤᠯᠤᠰ ᠤᠨ ᠰᠢᠨ᠎ᠡ ᠬᠠᠭᠤᠴᠢᠨ ᠤᠰᠤᠨ ᠤ ᠠᠰᠠᠭᠤᠳᠠᠯ ᠬᠠᠷᠢᠯᠴᠠᠨ ᠰᠣᠯᠪᠢᠴᠠᠵᠤ᠂ ᠤᠰᠤᠨ ᠤ | ᠡᠬᠢ ᠪᠠᠶᠠᠯᠢᠭ ᠪᠠ ᠤᠰᠤᠨ ᠤ ᠣᠷᠴᠢᠨ ᠠᠬᠤᠶ ᠶᠢᠨ ᠵᠠᠩᠭᠢᠷᠠᠭ᠎ᠠ ᠡᠳᠦᠷ ᠢᠷᠡᠬᠦᠶ᠎ᠡ ᠲᠤᠪᠤᠶᠢᠢᠮ᠎ᠠ ᠪᠤᠯᠵᠤ ᠪᠠᠶᠢᠨ᠎ᠠ᠃ | ᠤᠰᠤ ᠵᠠᠰᠠᠬᠤ ᠰᠡᠳᠬᠢᠴᠡ ᠣᠨᠣᠯᠵᠢᠬᠤᠨ᠂ ᠠᠷᠭ᠎ᠠ ᠬᠡᠯᠪᠡᠷᠢ᠂ ᠪᠠᠶᠢᠭᠤᠯᠤᠯ ᠲᠣᠭᠲᠠᠯᠴᠠᠭ᠎ᠠ ᠶᠢᠨ ᠱᠢᠨ᠎ᠡ | ᠡᠭᠦᠳᠦᠯᠲᠡ ᠶᠢ ᠪᠥᠬᠦ ᠲᠠᠯ᠎ᠠ ᠪᠠᠷ ᠲᠥᠯᠬᠢᠨ ᠠᠬᠢᠭᠤᠯᠵᠤ᠂ ᠪᠦᠳᠦᠭᠦᠯᠢᠭ ᠢᠶᠠᠷ ᠬᠡᠷᠡᠭᠯᠡᠵᠦ ᠪᠠᠶᠢᠭᠰᠠᠨ ᠠᠴᠠ 手机版office365破解版_365速发国际购彩中心_365提现一般多久到账 | ᠠᠷᠪᠢᠯᠠᠵᠤ ᠬᠡᠷᠡᠭᠯᠡᠬᠦ ᠲᠡᠰᠢ ᠬᠤᠪᠢᠷᠠᠭᠤᠯᠤᠨ᠂ ᠤᠰᠤ ᠬᠠᠩᠭᠠᠬᠤ ᠬᠠᠮᠢᠶᠠᠷᠤᠯᠲᠠ ᠠᠴᠠ ᠤᠰᠤ ᠬᠡᠷᠡᠭᠰᠡᠬᠦ | ᠬᠠᠮᠢᠶᠠᠷᠤᠯᠲᠠ ᠲᠡᠰᠢ ᠬᠤᠪᠢᠷᠠᠭᠤᠯᠬᠤ᠂ ᠬᠡᠰᠡᠭ ᠭᠠᠵᠠᠷ ᠤᠨ ᠵᠠᠰᠠᠯᠲᠠ ᠠᠴᠠ ᠰᠢᠰᠲ᠋ᠧᠮᠲᠦ ᠵᠠᠰᠠᠯᠲᠠ ᠲᠡᠰᠢ | ᠬᠤᠪᠢᠷᠠᠭᠤᠯᠬᠤ ᠶᠢ ᠲᠦᠷᠭᠡᠳᠬᠡᠨ ᠪᠡᠶᠡᠯᠡᠭᠦᠯᠵᠦ᠂ ᠤᠰᠤ ᠳᠤᠲᠠᠭᠳᠠᠬᠤ᠂ ᠤᠰᠤᠨ ᠤ ᠭᠠᠮᠰᠢᠭ᠂ ᠤᠰᠤᠨ ᠤ ᠠᠮᠢ | ᠠᠬᠤᠶ᠂ ᠤᠰᠤᠨ ᠤ ᠣᠷᠴᠢᠨ ᠲᠣᠭᠤᠷᠢᠨ ᠤ ᠠᠰᠠᠭᠤᠳᠠᠯ ᠢ ᠨᠢᠭᠡᠳᠦᠯᠲᠡᠶ ᠲᠥᠯᠥᠪᠯᠡᠨ ᠰᠠᠶᠢᠲᠤᠷ ᠰᠢᠶᠳᠪᠦᠷᠢᠯᠡᠨ᠎ᠡ᠃ | ᠤᠰᠤᠨ ᠵᠦᠢ ᠶᠢᠨ ᠲᠠᠯ᠎ᠠ ᠪᠠᠷ ᠬᠢᠨᠠᠨ ᠬᠡᠮᠵᠢᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠦᠶᠡᠷ | ᠭᠠᠩ ᠤᠨ ᠭᠠᠮᠰᠢᠭ ᠰᠡᠷᠭᠡᠶᠢᠯᠡᠯᠲᠡ ᠪᠠ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠳᠤ | ᠤᠯᠠᠨ ᠲᠠᠯ᠎ᠠ ᠶᠢᠨ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠬᠡᠷᠡᠭᠲᠡᠶ᠃ | ᠬᠤᠶᠠᠷ ᠲᠤ ᠵᠣᠬᠢᠴᠠᠩᠭᠤᠶ ᠬᠥᠭᠵᠢᠯᠲᠡ ᠠᠴᠠ ᠦᠵᠡᠪᠡᠯ᠂ ᠮᠠᠨ ᠤ ᠤᠯᠤᠰ ᠤᠨ ᠨᠤᠲᠤᠭ ᠳᠡᠪᠢᠰᠬᠡᠷ ᠥᠷᠭᠡᠨ | ᠠᠭᠤᠳᠠᠮ᠂ ᠡᠯ᠎ᠡ ᠭᠠᠵᠠᠷ ᠤᠨ ᠤᠰᠤᠨ ᠤ ᠡᠬᠢ ᠪᠠᠶᠠᠯᠢᠭ ᠤᠨ ᠨᠥᠬᠦᠴᠡᠯ᠂ ᠬᠥᠭᠵᠢᠯᠲᠡ ᠶᠢᠨ ᠬᠢᠷᠢ ᠬᠡᠮᠵᠢᠶ᠎ᠡ ᠠᠳᠠᠯᠢ | ᠦᠭᠡᠢ᠂ ᠤᠰᠤᠨ ᠠᠰᠢᠭᠯᠠᠯᠲᠠ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠮᠠᠰᠢ ᠲᠤᠪᠤᠶᠢᠢᠮ᠎ᠠ | ᠪᠠᠶᠢᠨ᠎ᠠ᠃ ᠦᠪᠦᠷ ᠮᠤᠩᠭᠤᠯ ᠤᠨ ᠤᠰᠤᠨ ᠵᠦᠢ ᠨᠢ ᠪᠥᠬᠦ ᠣᠷᠣᠨ ᠤ ᠤᠰᠤᠨ ᠤᠡᠬᠢ ᠪᠠᠶᠠᠯᠢᠭ ᠤᠨ ᠬᠦᠴᠦᠨ | ᠵᠦᠢᠯ ᠬᠢᠭᠡᠳ ᠪᠤᠰᠤᠳ ᠠᠵᠤ ᠠᠬᠤᠶ ᠶᠢᠨ ᠬᠦᠴᠦᠨ ᠵᠦᠢᠯ ᠤᠨ ᠳᠤᠬᠢᠷᠠᠬᠤ ᠴᠢᠨᠠᠷ᠂ ᠤᠰᠤᠨ ᠠᠰᠢᠭᠯᠠᠯᠲᠠ ᠶᠢᠨ | ᠬᠥᠭᠵᠢᠯᠲᠡ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠣᠬᠢᠴᠠᠩᠭᠤᠶ ᠴᠢᠨᠠᠷ ᠢ ᠲᠤᠯᠭᠠᠭᠤᠷᠢᠯᠠᠬᠤ | ᠵᠡᠷᠭᠡ ᠲᠠᠯ᠎ᠠ ᠪᠠᠷ ᠢᠳᠡᠪᠬᠢᠲᠡᠶ ᠪᠠᠷ ᠠᠵᠢᠯ ᠬᠢᠵᠦ᠂ ᠤᠰᠤᠨ ᠤ ᠡᠬᠢ ᠪᠠᠶᠠᠯᠢᠭ ᠤᠨ ᠬᠦᠴᠦᠨ ᠵᠦᠢᠯ ᠢ | ᠲᠣᠬᠢᠷᠠᠭᠤᠯᠬᠤ ᠳᠤ ᠦᠢᠯᠡᠴᠢᠯᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃ | ᠭᠤᠷᠪᠠ ᠳᠤ ᠪᠣᠬᠢᠷᠲᠤᠯ ᠦᠭᠡᠶ ᠬᠥᠭᠵᠢᠯᠲᠡ ᠠᠴᠠ ᠦᠵᠡᠪᠡᠯ᠂ ᠶᠡᠷᠦᠩᠬᠡᠶ ᠱᠦᠵᠢ ᠰᠢ ᠶᠢᠨ ᠫᠢᠩ ᠦᠪᠦᠷ | ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠳᠤ᠂ ᠦᠪᠦᠷ ᠮᠤᠩᠭᠤᠯ ᠳᠤ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠠᠰᠠᠭᠤᠳᠠᠯ ᠢ ᠣᠯᠠᠨᠲᠠ ᠳᠤᠷᠠᠳᠴᠠᠢ᠂ ᠮᠠᠨ ᠤ ᠤᠰᠤᠨ | ᠵᠦᠢ ᠶᠢᠨ ᠰᠢᠰᠲ᠋ᠧᠮ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠳᠠᠭᠠᠨ᠂︽ᠨᠢᠭᠡ ᠨᠠᠭᠤᠷ ᠬᠤᠶᠠᠷ ᠲᠠᠩᠭᠢᠰ︾ ᠤᠨ ᠤᠰᠤᠨ ᠵᠦᠢ ᠶᠢᠨ ᠬᠢᠨᠠᠨ ᠬᠡᠮᠵᠢᠯᠲᠡ ᠶᠢ | ᠰᠠᠶᠢᠲᠤᠷ ᠬᠢᠬᠦ ᠳᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠪᠣᠯᠬᠤᠷ | ᠡᠷᠬᠡᠪᠰᠢ ᠤᠰᠤᠨ ᠤ ᠠᠮᠢ ᠠᠬᠤᠢ᠂ ᠤᠰᠤᠨ ᠤ ᠣᠷᠴᠢᠨ ᠲᠣᠭᠤᠷᠢᠨ᠂ ᠤᠰᠤᠨ ᠤ ᠡᠬᠢ ᠪᠠᠶᠠᠯᠢᠭ ᠤᠨ | ᠦᠢᠯᠡᠴᠢᠯᠡᠭᠡ ᠳᠤ ᠬᠤᠯᠪᠣᠭᠳᠠᠬᠤ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠦᠨᠡᠨᠬᠦ ᠰᠠᠶᠢᠲᠤᠷ ᠬᠢᠵᠦ᠂ | ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠬᠥᠭᠵᠢᠯᠲᠡ ᠳᠤ ᠤᠰᠤᠨ ᠵᠦᠢ ᠶᠢᠨ ᠤᠶᠤᠨ ᠤᠬᠠᠭᠠᠨ ᠢ | ᠨᠡᠮᠡᠷᠢᠯᠡᠬᠦ ᠬᠡᠷᠡᠭᠲᠡᠢ᠃ | ᠲᠦᠷᠪᠡ ᠳᠤ᠂ ᠥᠭᠡᠷᠡᠴᠢᠯᠡᠯᠲᠡ ᠬᠥᠭᠵᠢᠯᠲᠡ ᠠᠴᠠ ᠦᠵᠡᠪᠡᠯ᠂ ᠤᠰᠤᠨ ᠤ ᠠᠮᠤᠷ ᠲᠦᠪᠰᠢᠨ ᠤ ᠠᠰᠠᠭᠤᠳᠠᠯ | ᠨᠢᠭᠡᠨᠲᠡ ᠪᠦᠬᠦ ᠪᠥᠮᠪᠥᠷᠴᠡᠭ ᠲᠤ ᠬᠠᠮᠲᠤᠪᠠᠷ ᠲᠤᠯᠭᠠᠷᠠᠵᠤ ᠪᠠᠶᠢᠭ᠎ᠠ ᠴᠢᠬᠤᠯᠠ ᠶᠡᠭᠡ ᠥᠷᠢᠰᠥᠯᠳᠦᠭᠡᠨ ᠪᠣᠯᠵᠠᠢ᠃ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ | ᠵᠦᠢᠯ ᠳᠤ ᠤᠰᠤ ᠪᠣᠯᠤᠨ ᠣᠷᠴᠢᠨ ᠲᠣᠭᠤᠷᠢᠨ ᠤ ᠠᠷᠢᠭᠤᠨ ᠴᠡᠪᠡᠷ ᠬᠠᠷᠠᠯᠲᠠ ᠶᠢ ᠲᠣᠰ ᠲᠤᠨᠢ ᠲᠣᠭᠲᠠᠭᠠᠵᠤ᠂ | ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠨᠡᠭᠡᠭᠡᠯᠲᠡᠲᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠬᠤᠶᠠᠷ | ᠲᠠᠯ᠎ᠠ ᠶᠢᠨ ᠪᠠ ᠤᠯᠠᠨ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠠᠨ | ᠤᠯᠤᠰ ᠤᠨ ᠤᠰᠤᠨ ᠳᠤ ᠬᠤᠯᠪᠣᠭᠳᠠᠬᠤ ᠬᠡᠷᠡᠭ ᠶᠠᠪᠤᠳᠠᠯ ᠳᠠᠬᠢ ᠮᠠᠨ ᠤ ᠤᠯᠤᠰ ᠤᠨ ᠪᠦᠲᠦᠭᠡᠯᠴᠢ ᠴᠢᠨᠠᠷ | ᠦᠢᠯᠡᠳᠦᠯ ᠢ ᠢᠳᠡᠪᠬᠢᠲᠡᠢ ᠪᠠᠳᠠᠷᠠᠭᠤᠯᠪᠠ᠃ ᠢᠯᠠᠩᠭᠤᠶ᠎ᠠ ᠤᠯᠤᠰ ᠬᠤᠭᠤᠷᠤᠨᠳᠤᠬᠢ ᠭᠤᠣᠯ ᠮᠥᠷᠡᠨ ᠳᠤ᠂ | ᠤᠯᠤᠰ ᠤᠨ ᠤᠰᠤᠨ ᠵᠦᠢ ᠶᠢᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠳᠤ ᠰᠢᠨᠵᠢᠯᠡᠬᠦ ᠤᠬᠠᠭᠠᠨᠴᠢ ᠪᠠᠷ ᠠᠷᠭ᠎ᠠ | ᠤᠬᠠᠭᠠᠨ ᠰᠦᠪᠡᠭᠴᠢᠯᠡᠵᠦ᠂ ᠤᠰᠤᠨ ᠰᠢᠨᠵᠢᠯᠡᠭᠡᠨ ᠤ ︽ᠡᠮᠦᠨ᠎ᠡ ᠬᠠᠷᠠᠭᠤᠯ︾ ᠪᠠ ︽ᠬᠤᠰᠢᠭᠤᠴᠢ ᠴᠡᠷᠢᠭ︾ ᠤᠨ | ᠦᠶᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃ | ᠲᠠᠪᠤ ᠳᠤ᠂ ᠬᠠᠮᠲᠤᠪᠠᠷ ᠡᠳ᠋ᠯᠡᠬᠦ ᠬᠥᠭᠵᠢᠯᠲᠡ ᠠᠴᠠ ᠦᠵᠡᠪᠡᠯ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ | ᠲᠣᠭᠤᠷᠢᠨ᠂ ᠤᠰᠤᠨ ᠤ ᠠᠮᠢ ᠠᠬᠤᠢ ᠨᠢ ᠠᠷᠠᠳ ᠤᠯᠠᠨ ᠤ ᠠᠮᠢ ᠨᠠᠰᠤ ᠡᠷᠡᠭᠦᠯ ᠮᠡᠨᠳᠦ᠂ ᠠᠮᠢᠳᠤᠷᠠᠯ ᠤᠨ ᠶᠠᠰᠤ | ᠴᠢᠨᠠᠷ᠂ ᠦᠢᠯᠡᠳᠪᠦᠷᠢᠯᠡᠯ ᠤᠨ ᠬᠥᠭᠵᠢᠯᠲᠡ ᠲᠠᠢ ᠨᠢᠭᠲᠠ ᠬᠤᠯᠪᠣᠭ᠎ᠠ ᠲᠠᠢ ᠪᠠᠶᠢᠵᠤ᠂ ᠬᠠᠮᠤᠭ ᠤᠨ ᠴᠢᠬᠤᠯᠠ ᠤᠯᠠᠨ | ᠨᠡᠶᠢᠲᠡ ᠶᠢᠨ ᠪᠦᠲᠦᠭᠡᠭᠳᠡᠬᠦᠨ᠂ ᠬᠠᠮᠤᠭ ᠤᠨ ᠲᠦᠭᠡᠮᠡᠯ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠪᠣᠯᠤᠨ᠎ᠠ᠃ ᠤᠰᠤᠨ ᠵᠦᠶ ᠨᠢ ᠤᠰᠤᠨ ᠠᠰᠢᠭᠯᠠᠯᠲᠠ ᠶᠢᠨ ᠦᠶᠯᠡᠰ ᠤᠨ ᠬᠥᠭᠵᠢᠯᠲᠡ ᠳᠤ ᠦᠶᠯᠡᠴᠢᠯᠡᠬᠦ ᠳᠤ᠂ | ᠭᠠᠭᠴᠠ ᠬᠦ ᠤᠰᠤᠨ ᠵᠦᠶ ᠶᠢᠨ ᠡᠯ᠎ᠡ ᠵᠦᠶᠯ ᠤᠨ ᠦᠶᠯᠡᠴᠢᠯᠡᠭᠡᠨ ᠤ ᠲᠤᠯᠭᠠᠭᠤᠷᠢᠯᠠᠬᠤ ᠠᠵᠢᠯ ᠢ ᠰᠠᠶᠢᠲᠤᠷ ᠬᠢᠵᠦ᠂ | ᠤᠰᠤᠨ ᠠᠰᠢᠭᠯᠠᠯᠲᠠ ᠶᠢᠨ ᠦᠶᠯᠡᠰ ᠤᠨ ᠡᠷᠡᠭᠦᠯ ᠢᠶᠠᠷ ᠬᠥᠭᠵᠢᠬᠦ ᠶᠢ ᠪᠠᠲᠤᠯᠠᠪᠠᠯ ᠰᠠᠶ᠋ᠢ ᠠᠷᠠᠳ ᠣᠯᠠᠨ ᠳᠤ ᠨᠠᠩ | ᠣᠯᠠᠨ ᠬᠦᠷᠲᠡᠭᠡᠮᠵᠢ ᠶᠢᠨ ᠲᠥᠷᠥᠭᠳᠡᠯ ᠣᠯᠭᠤᠵᠤ ᠴᠢᠳᠠᠨ᠎ᠠ᠃ | ᠭᠤᠷᠪᠠ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠤᠶᠤᠨᠲᠤ ᠤᠰᠤᠨ ᠵᠦᠶ ᠶᠢᠨ | ᠪᠥᠲᠥᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ | ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠠᠷᠢᠮᠲᠠᠯᠠᠬᠤ ᠳᠤ᠂ ᠰᠢᠨ᠎ᠡ ᠴᠠᠭ ᠦᠶ᠎ᠡ ᠶᠢᠨ ᠰᠢᠨ᠎ᠡ ᠡᠭᠦᠷᠭᠡ ᠶᠢᠨ ᠤᠰᠤᠨ ᠵᠦᠢ ᠶᠢᠨ | ᠠᠵᠢᠯ ᠳᠠᠬᠢ ᠰᠢᠨ᠎ᠡ ᠱᠠᠭᠠᠷᠳᠠᠯᠭ᠎ᠠ ᠳᠤ ᠢᠳᠡᠪᠬᠢᠲᠡᠢ ᠵᠣᠬᠢᠴᠠᠵᠤ᠂ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠬᠤ | ᠲᠠᠯ᠎ᠠ ᠪᠠᠷ ᠬᠦᠴᠦ ᠲ᠊ ᠲᠠᠯᠪᠢᠨ᠂ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠬᠦ ᠲᠠᠯ᠎ᠠ ᠪᠠᠷ | ᠬᠦᠴᠦ ᠲᠠᠯᠪᠢᠵᠤ᠂ ᠤᠶᠤᠨᠲᠤ ᠤᠰᠤᠨ ᠵᠦᠢ ᠶᠢ ᠪᠦᠳᠦᠭᠡᠨ ᠪᠠᠶᠢᠭᠤᠯᠬᠤ ᠲᠠᠯ᠎ᠠ ᠪᠠᠷ ᠬᠦᠴᠦ ᠲᠠᠯᠪᠢᠬᠤ ᠬᠡᠷᠡᠭᠲᠡᠢ᠃ | ᠨᠢᠭᠡ ᠳᠤ᠂ ᠤᠰᠤᠨ ᠵᠦᠶ ᠶᠢᠨ ᠬᠥᠭᠵᠢᠯᠲᠡ ᠶᠢᠨ ᠰᠡᠳᠬᠢᠴᠡ ᠶᠢᠨ ᠲᠠᠯ᠎ᠠ ᠪᠠᠷ᠂ ᠲᠠᠪᠤᠨ ᠶᠡᠭᠡ | ᠬᠥᠭᠵᠢᠯᠲᠡ ᠶᠢᠨ ᠣᠶᠢᠯᠠᠭᠠᠭᠳᠠᠬᠤᠨ ᠢᠶᠠᠷ ᠭᠤᠣᠯᠳᠠᠭᠤᠯᠵᠤ᠂ ᠤᠰᠤᠨ ᠵᠦᠢ ᠶᠢᠨ ᠠᠵᠢᠯ ᠢ ᠰᠦᠪᠡᠭᠴᠢᠯᠡᠬᠦ ᠳᠤ᠂ | ᠤᠰᠤᠨ ᠵᠦᠢ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ᠂ | ︽ᠨᠢᠭᠡ ᠨᠠᠭᠤᠷ ᠬᠤᠶᠠᠷ ᠲᠠᠩᠭᠢᠰ︾ ᠤᠨ ᠤᠰᠤᠨ ᠵᠦᠢ ᠶᠢᠨ ᠬᠢᠨᠠᠨ ᠬᠡᠮᠵᠢᠯᠲᠡ᠂ ᠤᠰᠤᠨ ᠤ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠳᠤ ᠦᠢᠯᠡᠴᠢᠯᠡᠬᠦ ᠳᠤ ᠴᠦ ᠲᠡᠷᠡ᠂ ᠤᠰᠤᠨ | ᠵᠦᠢ ᠶᠢᠨ ᠦᠷᠳᠡᠭᠡ ᠶᠢᠨ ᠲᠣᠣᠷ ᠵᠢᠴᠢ ᠰᠠᠭᠤᠷᠢ ᠲᠥᠬᠦᠭᠡᠷᠦᠮᠵᠢ ᠲᠣᠭᠤᠷᠢᠨ ᠤ ᠪᠠᠶᠢᠭᠤᠯᠤᠯᠲᠠ ᠳᠤ ᠴᠤ ᠲᠡᠷᠡ᠂ | ᠴᠥᠮ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠲᠠᠢ ᠵᠣᠬᠢᠴᠠᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢᠶᠠᠷ ᠤᠰᠤᠨ ᠵᠦᠢ ᠶᠢᠨ ᠡᠯ᠎ᠡ ᠵᠦᠢᠯ ᠤᠨ ᠠᠵᠢᠯ ᠢ ᠵᠢᠯᠣᠭᠤᠳᠴᠤ᠂ ᠤᠰᠤᠨ ᠵᠦᠢ ᠶᠢᠨ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ᠃ | ᠬᠤᠶᠠᠷ ᠲᠤ᠂ ᠤᠰᠤᠨ ᠵᠦᠶ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠤᠰᠤᠨ ᠠᠰᠢᠭᠯᠠᠯᠲᠠ ᠶᠢᠨ | ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠬᠥᠭ ᠠᠶᠠᠰ ᠲᠤ ᠰᠠᠭᠤᠷᠢᠯᠠᠵᠤ᠂ ᠤᠰᠤᠨ ᠠᠰᠢᠭᠯᠠᠯᠲᠠ ᠶᠢᠨ | ᠠᠵᠢᠯ ᠤᠨ ᠭᠤᠣᠯᠳᠠᠯᠭ᠎ᠠ ᠴᠢᠭᠯᠡᠯ ᠢᠶᠠᠨ ᠬᠤᠪᠢᠷᠠᠭᠤᠯᠬᠤ ᠠᠵᠠ ᠲᠣᠬᠢᠶᠠᠯ ᠢ ᠠᠮᠵᠢᠵᠤ᠂ ᠬᠤᠭᠤᠰᠣᠨ ᠢ ᠪᠥᠭᠯᠡᠬᠦ᠂ | ᠳᠤᠲᠠᠭᠤᠳᠠᠯ ᠢ ᠨᠥᠬᠦᠪᠥᠷᠢᠯᠡᠬᠦ᠂ ᠴᠢᠳᠠᠪᠤᠷᠢ ᠶᠢ ᠨᠡᠮᠡᠭᠳᠡᠭᠦᠯᠬᠦ᠂ ᠬᠢᠷᠢ ᠲᠦᠪᠰᠢᠨ ᠢ ᠳᠡᠭᠡᠭᠰᠢᠯᠡᠭᠦᠯᠬᠦ᠂ ᠤᠰᠤᠨ | ᠵᠦᠶ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠣᠶᠢᠯᠠᠭᠠᠭᠳᠠᠬᠤᠨ ᠢ ᠤᠰᠤᠨ ᠵᠦᠶ ᠶᠢᠨ ᠮᠡᠳᠡᠭᠡ | ᠵᠠᠩᠭᠢᠴᠢᠯᠠᠯᠲᠠ᠂ ᠤᠶᠤᠨᠴᠢᠯᠠᠯᠲᠠ ᠶᠢ ᠳᠡᠭᠡᠭᠰᠢᠯᠡᠭᠦᠯᠬᠦ ᠳᠡᠭᠡᠷ᠎ᠡ ᠬᠤᠪᠢᠷᠠᠭᠤᠯᠵᠤ᠂ ᠶᠡᠭᠡ ᠭᠤᠤᠯ ᠮᠥᠷᠡᠨ ᠤ ᠤᠰᠤᠨ | ᠵᠦᠶ ᠶᠢᠨ ᠬᠢᠨᠠᠨ ᠬᠡᠮᠵᠢᠬᠦ ᠰᠢᠰᠲ᠋ᠧᠮ ᠤᠨ ᠪᠥᠲᠥᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠲᠥᠷᠥᠯ ᠵᠦᠶᠯ ᠳᠤ | ᠲᠦᠰᠢᠭᠯᠡᠨ᠂ ᠰᠢᠨ᠎ᠡ ᠮᠡᠷᠭᠡᠵᠢᠯ᠂ ᠰᠢᠨ᠎ᠡ ᠬᠡᠮᠵᠢᠭᠦᠷᠯᠢᠭ᠂ ᠰᠢᠨ᠎ᠡ ᠲᠥᠬᠦᠭᠡᠷᠦᠮᠵᠢ ᠶᠢ ᠣᠷᠣᠭᠤᠯᠤᠨ ᠠᠪᠴᠢᠷᠠᠬᠤ ᠪᠠ | ᠬᠡᠷᠡᠭᠯᠡᠬᠦ ᠡᠷᠴᠢᠮ ᠢ ᠴᠢᠩᠭᠠᠷᠠᠭᠤᠯᠵᠤ᠂ ᠬᠥᠪᠦᠮᠡᠯ ᠲᠡᠮᠳᠡᠭ᠂ ᠳᠡᠭᠦᠵᠢᠯᠡᠭᠦᠷ ᠬᠠᠶᠢᠷᠴᠠᠭ ᠵᠡᠷᠭᠡ ᠤᠯᠠᠮᠵᠢᠯᠠᠯᠲᠤ | ᠬᠡᠮᠵᠢᠨ ᠪᠠᠶᠢᠴᠠᠭᠠᠬᠤ ᠲᠥᠬᠦᠭᠡᠷᠦᠮᠵᠢ ᠶᠢᠨ ᠦᠶᠯᠡᠳᠦᠯ ᠢ ᠰᠤᠯᠠᠷᠠᠭᠤᠯᠤᠨ᠂ ᠰᠦᠯᠵᠢᠶᠡᠨ ᠳᠡᠭᠡᠷ᠎ᠡ ᠬᠢᠨᠠᠨ ᠬᠡᠮᠵᠢᠬᠦ᠂ | ᠠᠯᠤᠰ ᠠᠴᠠ ᠬᠢᠨᠠᠨ ᠡᠵᠡᠮᠳᠡᠬᠦ ᠵᠡᠷᠭᠡ ᠴᠢᠳᠠᠪᠤᠷᠢ ᠶᠢ ᠭᠤᠤᠯᠳᠠᠯᠭ᠎ᠠ ᠲᠠᠢ ᠳᠡᠭᠡᠭᠰᠢᠯᠡᠭᠦᠯᠵᠦ᠂ ᠤᠰᠤᠨ ᠤ ᠡᠬᠢ | ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠶ᠂ ᠤᠰᠤᠨ ᠤ ᠭᠠᠶ ᠭᠠᠮᠰᠢᠭ ᠢ ᠵᠠᠰᠠᠬᠤ ᠳᠤ | ᠬᠦᠴᠦᠲᠡᠶ ᠲᠤᠯᠭᠠᠭᠤᠷᠢᠯᠠᠯ ᠬᠠᠩᠭᠠᠨ᠎ᠠ᠃ | ᠭᠤᠷᠪᠠ ᠳᠤ ᠤᠰᠤᠨ ᠵᠦᠢ ᠶᠢᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ᠂ ᠰᠠᠪᠠ | ᠭᠠᠵᠠᠷ ᠤᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠥᠷᠭᠡᠳᠬᠡᠨ᠂ ᠬᠢᠨᠠᠨ ᠬᠠᠮᠢᠶᠠᠷᠬᠤ ᠰᠢᠰᠲ᠋ᠧᠮ ᠢ | ᠪᠠᠶᠢᠭᠤᠯᠵᠤ᠂ ᠤᠰᠤᠨ ᠵᠦᠢ ᠶᠢᠨ ᠥᠷᠲᠡᠭᠡ ᠶᠢᠨ ᠲᠣᠤᠷ ᠢ ᠲᠡᠭᠦᠯᠳᠡᠷᠵᠢᠭᠦᠯᠦᠨ᠂ ᠮᠡᠳᠡᠭᠡ ᠵᠠᠩᠭᠢ | ᠴᠤᠭᠯᠠᠭᠤᠯᠬᠤ ᠶᠢᠨ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ ᠭᠤᠣᠯ ᠮᠥᠷᠡᠨ ᠨᠠᠭᠤᠷ ᠴᠥᠭᠦᠷᠥᠮ ᠤᠨ | ᠤᠰᠤᠨ ᠤ ᠠᠮᠢ ᠠᠬᠤᠶ ᠶᠢᠨ ᠰᠢᠰᠲ᠋ᠧᠮ ᠢ ᠬᠢᠨᠠᠨ ᠬᠡᠮᠵᠢᠬᠦ ᠡᠷᠴᠢᠮ ᠢ ᠴᠢᠩᠭᠠᠷᠠᠭᠤᠯᠵᠤ᠂ ᠤᠰᠤᠨ ᠵᠦᠢ ᠶᠢᠨ ᠪᠠᠴᠢᠮ | ᠪᠠᠶᠢᠳᠠᠯ ᠢ ᠠᠷᠭᠠᠴᠠᠬᠤ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠦᠨ᠂ ᠤᠰᠤᠨ ᠵᠦᠢ ᠶᠢᠨ ᠰᠠᠭᠤᠷᠢ ᠰᠢᠨᠵᠢᠯᠡᠬᠦ | ᠤᠬᠠᠭᠠᠨ ᠤ ᠰᠤᠳᠤᠯᠭᠠᠨ ᠢ ᠲᠦᠯᠬᠢᠨ ᠠᠬᠢᠭᠤᠯᠵᠤ᠂ ᠤᠰᠤᠨ ᠵᠦᠢ ᠶᠢᠨ ᠦᠢᠯᠡᠴᠢᠯᠡᠭᠡᠨ ᠤ ᠬᠦᠷᠢᠶ᠎ᠡ ᠶᠢ | ᠥᠷᠭᠡᠳᠬᠡᠨ᠂ ᠤᠰᠤᠨ ᠵᠦᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠪᠦᠷ ᠮᠤᠩᠭᠤᠯ ᠤᠨ | ᠭᠤᠣᠯ ᠮᠥᠷᠡᠨ ᠤᠨ ᠬᠡᠰᠡᠭ ᠤᠨ ᠤᠰᠤᠨ ᠵᠦᠢ ᠶᠢᠨ ᠦᠨᠳᠦᠰᠦᠨ ᠵᠢᠮ᠎ᠡ ᠶᠣᠰᠣᠨ ᠤ ᠰᠤᠳᠤᠯᠤᠯ ᠢ | ᠢᠳᠡᠪᠬᠢᠲᠡᠶ ᠪᠠᠷ ᠥᠷᠨᠢᠭᠦᠯᠦᠨ᠂ ᠤᠰᠤᠨ ᠵᠦᠢ ᠶᠢᠨ ᠬᠢᠨᠠᠨ ᠬᠡᠮᠵᠢᠭᠰᠡᠨ ᠲᠤᠭ᠎ᠠ ᠪᠠᠷᠢᠮᠲᠠ ᠪᠣᠯᠤᠨ ᠲᠡᠦᠬᠡᠨ | ᠮᠠᠲ᠋ᠧᠷᠢᠶᠠᠯ ᠢ ᠭᠦᠢᠴᠡᠳ ᠰᠠᠶᠢᠲᠤᠷ ᠬᠡᠷᠡᠭᠯᠡᠵᠦ᠂ ᠦᠶᠡᠷ ᠤᠨ ᠤᠰᠤ᠂ ᠰᠢᠪᠠᠷ ᠰᠢᠷᠣᠶ ᠶᠢᠨ ᠲᠠᠩᠰᠠ᠂ ᠤᠷᠤᠰᠬᠠᠯ ᠤᠨ | ᠲᠠᠩᠰᠠ ᠶᠢ ᠴᠢᠷᠮᠠᠶᠢᠨ ᠲᠣᠳᠣᠷᠬᠠᠶᠢᠯᠠᠵᠤ᠂ ᠣᠷᠣᠨ ᠨᠤᠲᠤᠭ ᠤᠨ ᠠᠵᠤ ᠠᠬᠤᠶ ᠳᠤ ᠨᠡᠩ ᠨᠠᠶᠢᠳᠠᠪᠤᠷᠢᠲᠠᠶ ᠰᠠᠭᠤᠷᠢ | ᠦᠨᠳᠦᠰᠦᠯᠡᠯ ᠬᠠᠩᠭᠠᠬᠤ ᠬᠡᠷᠡᠭᠲᠡᠶ᠃ ᠤᠰᠤᠨ ᠤ ᠡᠬᠢ ᠪᠠᠶᠠᠯᠢᠭ ᠢ ᠬᠢᠨᠠᠨ ᠬᠡᠮᠵᠢᠬᠦ ᠶᠢ ᠴᠢᠩᠭᠠᠳᠬᠠᠵᠤ᠂ ᠤᠰᠤ | ᠲᠠᠲᠠᠵᠤ ᠭᠠᠷᠭᠠᠬᠤ ᠠᠮᠠᠰᠠᠷ ᠢ ᠴᠠᠭ ᠲᠤᠬᠠᠶ ᠳᠤᠨᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠪᠠᠷ ᠬᠠᠷᠠᠯᠲᠠ ᠪᠣᠯᠭᠠᠨ᠂ | ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ ᠤᠰᠤᠨ | ᠤ ᠣᠷᠴᠢᠨ ᠲᠣᠭᠤᠷᠢᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠨ᠂ ᠰᠠᠭᠤᠷᠢ ᠲᠥᠬᠦᠭᠡᠷᠦᠮᠵᠢ ᠶᠢᠨ ᠪᠥᠳᠥᠭᠡᠨ | ᠪᠠᠶᠢᠭᠤᠯᠤᠯᠲᠠ ᠪᠠ ᠬᠡᠮᠵᠢᠭᠦᠷᠯᠢᠭ ᠲᠥᠬᠦᠭᠡᠷᠦᠮᠵᠢ ᠶᠢ ᠲᠣᠬᠢᠷᠠᠭᠤᠯᠤᠨ ᠰᠢᠨᠡᠳᠬᠡᠬᠦ ᠡᠷᠴᠢᠮ ᠢ ᠨᠡᠮᠡᠭᠳᠡᠭᠦᠯᠦᠨ᠂ ᠬᠢᠨᠠᠨ | ᠬᠡᠮᠵᠢᠬᠦ ᠲᠥᠷᠥᠯ ᠵᠦᠢᠯ ᠢ ᠥᠷᠭᠡᠳᠬᠡᠨ᠂ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠶᠢᠨ ᠵᠥᠭᠡᠯᠡᠨ | ᠬᠡᠷᠡᠭᠰᠡᠯ ᠤᠨ ᠠᠵᠢᠯᠯᠠᠭ᠎ᠠ ᠶᠢ ᠲᠦᠷᠭᠡᠳᠬᠡᠵᠦ᠂ ᠤᠰᠤᠨ ᠤ ᠣᠷᠴᠢᠨ ᠲᠣᠭᠤᠷᠢᠨ ᠤ ᠬᠢᠨᠠᠨ ᠪᠠᠶᠢᠴᠠᠭᠠᠯᠲᠠ | ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠰᠤᠨ ᠤ ᠠᠮᠢ ᠠᠬᠤᠶ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ | ᠰᠠᠨᠠᠭᠠᠴᠢᠯᠠᠭ᠎ᠠ ᠠᠴᠠ ᠪᠠᠨ ᠮᠡᠷᠭᠡᠵᠢᠯ ᠤᠨ ᠵᠢᠯᠤᠭᠤᠳᠤᠯᠭ᠎ᠠ ᠡᠷᠢᠵᠦ᠂ ᠪᠣᠯᠪᠠᠰᠤᠷᠠᠭᠤᠯᠤᠯ ᠪᠠ ᠦᠶᠯᠡᠳᠦᠯᠭᠡ ᠶᠢᠨ | ᠡᠷᠴᠢᠮ ᠢᠶᠠᠨ ᠴᠢᠩᠭᠠᠷᠠᠭᠤᠯᠤᠨ᠂ ᠰᠠᠪᠠ ᠭᠠᠵᠠᠷ ᠤᠨ ᠤᠰᠤᠨ ᠤ ᠠᠮᠢ ᠠᠬᠤᠶ ᠶᠢᠨ ᠬᠠᠮᠠᠭᠠᠯᠠᠯᠲᠠ ᠳᠤ ᠬᠦᠴᠦᠲᠡᠶ | ᠲᠤᠯᠭᠠᠭᠤᠷᠢᠯᠠᠯ ᠬᠠᠩᠭᠠᠨ᠎ᠠ᠃ ᠤᠰᠤᠨ ᠵᠦᠶ ᠶᠢᠨ ᠮᠡᠳᠡᠭᠡ ᠵᠠᠩᠭᠢ ᠶᠢ ᠤᠷᠢᠳᠴᠢᠯᠠᠨ ᠮᠡᠳᠡᠭᠡᠯᠡᠬᠦ ᠵᠠᠭᠪᠤᠷ ᠤᠨ | ᠰᠤᠳᠤᠯᠤᠯ ᠬᠢᠭᠡᠳ ᠤᠰᠤᠨ ᠵᠦᠶ ᠶᠢᠨ ᠮᠡᠳᠡᠭᠡ ᠵᠠᠩᠭᠢ ᠶᠢᠨ ᠦᠶᠯᠡᠴᠢᠯᠡᠭᠡᠨ ᠤ ᠦᠶᠯᠡᠳᠬᠦᠨ ᠢ ᠣᠷᠣᠭᠤᠯᠤᠨ | ᠠᠪᠴᠢᠷᠠᠬᠤ ᠶᠢ ᠲᠦᠷᠭᠡᠳᠬᠡᠵᠦ᠂ ᠤᠰᠤᠨ ᠵᠦᠶ ᠶᠢᠨ ᠦᠶᠯᠡᠴᠢᠯᠡᠭᠡᠨ ᠤ ᠤᠰᠤᠨ ᠠᠰᠢᠭᠯᠠᠯᠲᠠ ᠶᠢᠨ ᠠᠵᠢᠯ | ᠲᠥᠷᠥᠯ ᠤᠨ ᠴᠢᠩᠭ᠎ᠠ ᠬᠢᠨᠠᠨ ᠬᠠᠮᠢᠶᠠᠷᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ |