内蒙古自治区水利厅 手机版office365破解版_365速发国际购彩中心_365提现一般多久到账

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠰᠦᠯᠵᠢᠶᠡᠨ ᠴᠤᠭᠯᠠᠷᠠᠯ

        手机版office365破解版_365速发国际购彩中心_365提现一般多久到账

        ᠠᠷᠠᠳ ᠤᠨ ᠰᠦᠯᠵᠢᠶ᠎ᠡ᠄ ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ᠄ ᠬᠥᠮᠦᠨ ᠪᠦᠬᠦᠨ ᠤᠤᠭᠤᠬᠤ ᠤᠰᠤᠨ ᠤ ᠠᠮᠤᠷ ᠲᠦᠪᠰᠢᠨ ᠤ ᠦᠨᠳᠦᠰᠦᠨ ᠡᠷᠬᠡ ᠶᠢ ᠡᠳ᠋ᠯᠡᠬᠦ ᠶᠢ ᠪᠠᠲᠤᠯᠠᠬᠤ ᠭᠡᠬᠦ ᠵᠡᠷᠭᠡ ᠳᠥᠷᠪᠡᠨ ᠵᠦᠶᠯ ᠤᠨ ᠰᠠᠨᠠᠭᠠᠴᠢᠯᠠᠭ᠎ᠠ ᠳᠤᠷᠠᠳᠪᠠ

        手机版office365破解版_365速发国际购彩中心_365提现一般多久到账

        ᠨᠡᠶᠢᠲᠡᠯᠡᠭᠰᠡᠨ ᠴᠠᠭ᠄
        2023/3/24
          ᠠᠷᠠᠳ ᠤᠨ ᠰᠦᠯᠵᠢᠶ᠎ᠡ ᠶᠢᠨ ᠪᠡᠭᠡᠵᠢᠩ ᠤᠨ 3 ᠳ᠋ᠤᠭᠠᠷ ᠰᠠᠷ᠎ᠠ ᠶᠢᠨ 24 ᠤ ᠡᠳᠦᠷ ᠤᠨ ᠮᠡᠳᠡᠭᠡ ︵ᠡᠸᠤ ᠶᠠᠩ ᠢ ᠵᠢᠶᠠ︶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠡ ᠶᠢ ᠦᠨᠳᠦᠰᠦᠯᠡᠪᠡᠯ᠂ ᠲᠤᠬᠠᠶ ᠶᠢᠨ ᠭᠠᠵᠠᠷ ᠤᠨ ᠴᠠᠭ ᠢᠶᠠᠷ 3 ᠳ᠋ᠤᠭᠠᠷ ᠰᠠᠷ᠎ᠠ ᠶᠢᠨ 22 ᠤᠨ ᠡᠳᠦᠷ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠤᠰᠤᠨ ᠠᠰᠢᠭᠯᠠᠯᠲᠠ ᠶᠢᠨ ᠶᠡᠭᠡ ᠬᠤᠷᠠᠯ ᠠᠮᠧᠷᠢᠺᠠ ᠶᠢᠨ ᠨᠢᠦ᠋ ᠶᠣᠷᠺ ᠲᠠᠬᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ  ᠶᠢᠨ ᠶᠡᠷᠦᠩᠬᠡᠶ ᠵᠠᠬᠢᠷᠭ᠎ᠠ ᠳᠤ ᠡᠬᠢᠯᠡᠪᠡ᠃ ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠲᠥᠯᠥᠭᠡᠯᠡᠭᠴᠢᠳ ᠤᠨ ᠪᠦᠯᠬᠦᠮ ᠢ ᠳᠠᠭᠠᠭᠤᠯᠤᠨ ᠶᠡᠭᠡ ᠬᠤᠷᠠᠯ  ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠦᠭᠦᠳᠡ ᠬᠤᠷᠠᠯ ᠳᠡᠭᠡᠷ᠎ᠡ ᠡᠩ ᠤᠨ ᠴᠢᠨᠠᠷᠲᠠᠢ ᠮᠠᠷᠭᠤᠯᠳᠤᠭᠠᠨ ᠤ ᠶᠠᠷᠢᠶ᠎ᠠ ᠲᠠᠯᠪᠢᠵᠠᠢ᠃ ᠯᠢ ᠭᠦᠸᠧ ᠶᠢᠩ ᠳᠤᠮᠳᠠᠳᠤ ᠤᠯᠤᠰ ᠤᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠨᠦᠬᠡᠴᠡᠲᠡᠢ ᠬᠥᠭᠵᠢᠯᠲᠡ ᠶᠢᠨ ᠵᠥᠪᠯᠡᠬᠦ ᠵᠦᠶᠯ ᠤᠨ ᠤᠰᠤᠨ ᠳᠤ ᠬᠤᠯᠪᠣᠭᠳᠠᠬᠤ ᠬᠠᠷᠠᠯᠲᠠ  ᠶᠢ ᠨᠠᠶᠢᠳᠠᠪᠤᠷᠢᠵᠢᠭᠤᠯᠤᠭᠰᠠᠨ ᠦᠶᠯᠡᠳᠦᠯᠭᠡ ᠪᠣᠯᠤᠨ ᠲᠤᠷᠰᠢᠯᠭ᠎ᠠ ᠳᠤ ᠰᠠᠭᠤᠷᠢᠯᠠᠨ ᠲᠣᠰ ᠤᠳᠠᠭᠠᠨ ᠤ ᠶᠡᠭᠡ ᠬᠤᠷᠠᠯ ᠳᠡᠭᠡᠷ᠎ᠡ ᠳᠥᠷᠪᠡᠨ ᠵᠦᠢᠯ ᠤᠨ ᠰᠠᠨᠠᠭᠠᠴᠢᠯᠠᠭ᠎ᠠ ᠳᠤᠷᠠᠳᠴᠠᠶ᠃  ᠯᠢ ᠭᠦᠸᠧ ᠶᠢᠩ ᠢᠯᠡᠷᠬᠡᠶᠢᠯᠡᠬᠦ ᠳᠤ ᠪᠠᠨ᠂ ᠨᠢᠭᠡ ᠳᠤ᠂ ᠬᠥᠮᠦᠨ ᠪᠦᠬᠦᠨ ᠤᠤᠭᠤᠬᠤ ᠤᠰᠤᠨ ᠤ ᠠᠮᠤᠷ ᠲᠦᠪᠰᠢᠨ ᠦᠨᠳᠦᠰᠦᠨ ᠡᠷᠬᠡ ᠶᠢ ᠡᠳ᠋ᠯᠡᠬᠦ ᠶᠢ ᠪᠠᠲᠤᠯᠠᠨ᠎ᠠ᠃ ᠣᠯᠠᠩᠬᠢ ᠪᠠᠶᠢᠳᠠᠯ ᠳᠣᠤᠷ᠎ᠠ᠂ ᠢᠯᠠᠩᠭᠤᠶ᠎ᠠ ᠶᠠᠳᠠᠭᠤ ᠬᠦᠴᠢᠷᠳᠡᠯᠲᠡᠶ᠂ ᠭᠠᠩ ᠬᠠᠭᠤᠷᠠᠶ᠂ ᠪᠣᠶᠢᠳᠠ ᠪᠥᠭᠯᠡᠭᠦᠦ ᠬᠥᠳᠡᠭᠡ ᠲᠣᠰᠬᠤᠨ ᠤ ᠰᠠᠭᠤᠭᠠᠯᠢ ᠠᠷᠠᠳ ᠲᠤ ᠠᠪᠴᠤ ᠬᠡᠯᠡᠪᠡᠯ᠂  ᠡᠶᠢᠮᠦᠷᠭᠦᠦ ᠡᠷᠬᠡ ᠶᠢ ᠤᠯᠬᠤ ᠳᠤ ᠵᠥᠪᠬᠡᠨ ᠬᠤᠪᠢ ᠬᠥᠮᠦᠨ ᠤ ᠴᠢᠷᠮᠠᠶᠢᠯᠭ᠎ᠠ ᠳᠤ ᠲᠦᠰᠢᠭᠯᠡᠭᠡᠳ ᠭᠥᠷᠳᠡᠵᠦ ᠳᠡᠶᠢᠯᠬᠦ ᠥᠬᠡᠶ ᠶᠤᠮ᠂ ᠡᠯ᠎ᠡ ᠤᠯᠤᠰ ᠤᠨ ᠵᠠᠰᠠᠭ ᠤᠨ ᠣᠷᠳᠣᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠴᠢᠨᠠᠭᠰᠢᠯᠠᠪᠠᠯ ᠳᠡᠯᠡᠬᠡᠶ ᠨᠡᠶᠢᠲᠡ ᠪᠠᠷ ᠢᠶᠠᠨ  ᠡᠶᠢᠮᠦᠷᠬᠦᠦ ᠦᠨᠳᠦᠰᠦᠨ ᠡᠷᠬᠡ  ᠶᠢ ᠡᠷᠬᠡ ᠲᠡᠭᠰᠢ ᠣᠯᠬᠤ ᠳᠤ ᠳᠡᠮᠵᠢᠯᠭᠡ ᠪᠠ ᠬᠠᠪᠰᠤᠷᠤᠯᠭ᠎ᠠ ᠬᠠᠩᠭᠠᠬᠤ ᠬᠡᠷᠡᠭᠲᠡᠶ᠃  ᠬᠤᠶᠠᠷ ᠲᠤ᠂ ᠴᠡᠩᠭᠡᠭ ᠤᠰᠤᠨ ᠤ ᠡᠬᠢ ᠪᠠᠶᠠᠯᠢᠭ ᠤᠨ ᠬᠢᠵᠠᠭᠠᠷᠲᠤ ᠴᠢᠨᠠᠷ ᠪᠠ ᠣᠷᠣᠯᠠᠭᠤᠯᠵᠤ ᠪᠣᠯᠤᠰᠢ ᠦᠭᠡᠶ ᠴᠢᠨᠠᠷ ᠢ ᠭᠦᠢᠴᠡᠳ ᠲᠠᠨᠢᠬᠤ ᠬᠡᠷᠡᠭᠲᠡᠶ᠃ ᠡᠨᠡᠬᠦ ᠰᠢᠨᠵᠢ ᠴᠢᠨᠠᠷ ᠨᠢ ᠳᠡᠯᠡᠬᠡᠶ ᠶᠢᠨ ᠪᠥᠮᠪᠥᠷᠴᠡᠭ ᠤᠨ ᠲᠣᠰᠬᠤᠨ ᠤ ᠰᠠᠭᠤᠭᠠᠯᠢ ᠠᠷᠠᠳ ᠲᠤ ᠴᠡᠩᠭᠡᠭ ᠤᠰᠤᠨ ᠤ ᠡᠬᠢ ᠪᠠᠶᠠᠯᠢᠭ ᠢ ᠨᠦᠬᠡᠴᠡᠲᠡᠢ ᠠᠰᠢᠭᠯᠠᠬᠤ ᠡᠭᠦᠷᠭᠡ ᠪᠠ ᠬᠠᠷᠢᠭᠤᠴᠠᠯᠭ᠎ᠠ ᠶᠢ ᠬᠠᠮᠲᠤᠪᠠᠷ ᠭᠦᠢᠴᠡᠳᠬᠡᠬᠦ ᠶᠢ ᠱᠠᠭᠠᠷᠳᠠᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ  ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ᠂ ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠢᠳᠡᠪᠬᠢᠲᠡᠶ ᠪᠠᠷ ᠠᠬᠢᠭᠤᠯᠬᠤ ᠪᠠ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃  ᠭᠤᠷᠪᠠ ᠳᠤ᠂ ᠪᠠᠶᠢᠭᠠᠯᠢ ᠶᠢᠨ ᠭᠤᠣᠯ ᠮᠥᠷᠡᠨ ᠤ ᠣᠷᠣᠰᠢᠨ ᠲᠣᠭᠲᠠᠨᠢᠬᠤ ᠦᠨᠳᠦᠰᠦᠨ ᠡᠷᠬᠡ ᠶᠢ ᠬᠦᠨᠳᠦᠳᠬᠡᠵᠦ᠂ ᠭᠤᠣᠯ ᠮᠥᠷᠡᠨ ᠢ ᠠᠮᠢ ᠨᠠᠰᠤᠲᠦ ᠪᠡᠶ᠎ᠡ ᠪᠠᠷ ᠦᠵᠡᠵᠦ᠂ ᠭᠤᠣᠯ ᠮᠥᠷᠡᠨ ᠤ ᠡᠰᠢ ᠶᠣᠰᠣ ᠶᠢ ᠪᠠᠶᠢᠭᠤᠯᠤᠨ ᠭᠤᠣᠯ ᠮᠥᠷᠡᠨ ᠤ ᠡᠷᠡᠭᠦᠯ ᠴᠢᠭᠢᠷᠠᠭ ᠠᠮᠢ ᠨᠠᠰᠤ ᠶᠢ ᠬᠠᠮᠠᠭᠠᠯᠠᠵᠤ᠂ ᠬᠥᠮᠦᠨ ᠬᠢᠭᠡᠳ ᠭᠤᠣᠯ ᠮᠥᠷᠡᠨ  ᠤ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠡᠶᠡᠯᠡᠭᠦᠯᠬᠦ ᠬᠡᠷᠡᠭᠲᠡᠶ᠃  ᠲᠦᠷᠪᠡ ᠳᠤ᠂ ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠵᠢᠴᠢ ᠲᠡᠭᠦᠨ ᠤ ᠨᠥᠯᠥᠭᠡ ᠬᠤᠷᠴᠠᠳᠴᠤ ᠪᠠᠶᠢᠭ᠎ᠠ ᠰᠢᠯᠭᠠᠯᠲᠠ ᠶᠢᠨ ᠡᠮᠦᠨ᠎ᠡ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠢᠨ ᠪᠠᠶᠢᠭᠤᠯᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠤᠯᠤᠰ ᠤᠨ ᠵᠠᠰᠠᠭ ᠤᠨ ᠣᠷᠳᠣᠨ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ᠂ ᠤᠶᠤᠨ ᠤ ᠬᠥᠮᠥᠷᠭᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ‌‍ᠲ᠋ᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠤᠨ ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠳᠤ ᠣᠷᠣᠯᠴᠠᠬᠤ ᠳᠤ ᠰᠣᠯᠢᠯᠴᠠᠭ᠎ᠠ ᠬᠠᠮᠲᠤᠷᠠᠯᠴᠠᠭ᠎ᠠ ᠶᠢᠨ ᠲᠠᠪᠴᠠᠩ ᠬᠠᠩᠭᠠᠵᠤ᠂ ᠤᠰᠤᠨ ᠤ ᠭᠠᠮᠰᠢᠭ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠠᠬᠤᠢ᠂ ᠤᠰᠤᠨ ᠤ ᠠᠮᠢ ᠠᠬᠤᠢ ᠶᠢᠨ ᠠᠰᠠᠭᠤᠳᠠᠯ ᠢ ᠠᠷᠭᠠᠴᠠᠬᠤ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ᠃  ᠣᠶᠢᠯᠠᠭᠠᠭᠰᠠᠨ ᠢᠶᠠᠷ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠤᠰᠤᠨ ᠤ ᠶᠡᠭᠡ ᠬᠤᠷᠠᠯ ᠤᠨ ᠬᠤᠭᠤᠴᠠᠭᠠᠨ ᠳᠤ 6 ᠲᠠᠯᠠᠪᠤᠷ ᠪᠥᠬᠦᠳᠡ ᠬᠤᠷᠠᠯ᠂ 5 ᠲᠠᠯᠠᠪᠤᠷ ᠬᠠᠷᠢᠯᠴᠠᠨ ᠶᠠᠷᠢᠯᠴᠠᠬᠤ ᠬᠤᠷᠠᠯ ᠵᠢᠴᠢ 200 ᠭᠠᠷᠤᠶ ᠲᠠᠯᠠᠪᠤᠷ ᠳᠠᠭᠠᠯᠲᠠ ᠬᠤᠷᠠᠯ ᠡᠷᠬᠢᠯᠡᠵᠦ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ︽ᠤᠰᠤᠨ ᠤ ᠨᠦᠬᠡᠴᠡᠲᠡᠢ ᠬᠥᠭᠵᠢᠯᠲᠡ ᠶᠢ ᠠᠬᠢᠭᠤᠯᠬᠤ︾ ᠣᠯᠠᠨ ᠤᠯᠤᠰ ᠤᠨ ᠠᠵᠢᠯᠯᠠᠭ᠎ᠠ ᠶᠢᠨ ᠠᠷᠪᠠᠨ ᠵᠢᠯ ᠤᠨ ᠬᠠᠷᠠᠯᠲᠠ  ᠶᠢᠨ ᠳᠤᠮᠳᠠ ᠬᠤᠭᠤᠴᠠᠭᠠᠨ ᠤ ᠬᠡᠷᠡᠭᠵᠢᠭᠦᠯᠦᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠬᠢᠨᠠᠨ ᠪᠠᠶᠢᠴᠠᠭᠠᠬᠤ ᠪᠣᠯᠤᠨ᠎ᠠ᠃ ᠬᠤᠷᠠᠯ ᠨᠢ ᠪᠦᠬᠦ ᠪᠥᠮᠪᠥᠷᠴᠡᠭ ᠤᠨ ᠤᠯᠤᠰ ᠲᠦᠷᠦ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ︽ᠤᠰᠤᠨ ᠤ ᠠᠵᠢᠯᠯᠠᠭᠠᠨ ᠤ ᠵᠥᠪᠯᠡᠬᠦ ᠵᠦᠢᠯ︾ ᠢ ᠪᠠᠲᠤᠯᠠᠵᠤ᠂ 2030 ᠣᠨ ᠤ ᠨᠦᠬᠡᠴᠡᠲᠡᠢ ᠬᠥᠭᠵᠢᠯᠲᠡ ᠶᠢᠨ ᠵᠥᠪᠯᠡᠬᠦ ᠵᠦᠢᠯ ᠤᠨ ᠤᠰᠤᠨ ᠳᠤ ᠬᠤᠯᠪᠣᠭᠳᠠᠬᠤ ᠬᠠᠷᠠᠯᠲᠠ ᠶᠢ ᠲᠦᠷᠭᠡᠨ ᠪᠡᠶᠡᠯᠡᠭᠦᠯᠬᠦ ᠶᠢ ᠠᠬᠢᠭᠤᠯᠬᠤ ᠪᠤᠯᠤᠨ᠎ᠠ᠃ 
         
        ᠢᠷᠡᠯᠲᠡ᠄ ᠠᠷᠠᠳ ᠤᠨ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号